ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠥᠷᠯᠥᠭᠡ ᠦᠳᠡᠰᠢ ᠶᠢ ᠲᠡᠮᠡᠴᠡᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/19
        — ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠪᠴᠢᠶᠠᠨ ᠲᠠᠷᠤᠭ᠎ᠠ ᠳ᠋ᠢᠩ ᠰᠢᠶᠤᠤ ᠳ᠋ᠦᠩ ᠢ ᠰᠤᠷᠪᠤᠯᠵᠢᠯᠠᠭᠰᠠᠨ ᠨᠢ        2024 ᠣᠨ ᠳᠤ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠤᠯᠵᠦ ᠣᠷᠣᠯᠭ᠎ᠠ ᠪᠠᠨ ᠨᠡᠮᠡᠭᠳᠡᠭᠦᠯᠬᠦ ︽ᠲᠦᠷᠪᠡᠨ ᠲᠤᠰᠬᠠᠢ ᠠᠵᠢᠯᠯᠠᠭ᠎ᠠ︾ ᠶᠢ ᠥᠷᠨᠢᠭᠦᠯᠵᠡᠢ᠃ ᠪᠥᠬᠦ ᠵᠢᠯ ᠳᠤ ᠬᠤᠲᠠ ᠪᠠᠯᠭᠠᠰᠤᠨ ᠤ 5403 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠨ 5475 ᠤᠶᠤᠳᠡᠨ ᠳᠤ ᠠᠵᠢᠯ ᠤᠯᠭᠤᠵᠥ᠂ 95929 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 13823 ᠬᠥᠮᠦᠨ ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ 2023 ᠣᠨ ᠤ ᠠᠵᠢᠯ ᠣᠯᠭᠤᠯᠲᠠ ᠶᠢᠨ ᠠᠵᠢᠯ ᠪᠥᠬᠦ ᠤᠷᠤᠨ ᠤ ᠬᠢᠨᠠᠨ ᠰᠢᠯᠭᠠᠯᠳᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠰᠠᠭᠤᠷᠢᠨ ᠲᠡᠭᠡᠷ᠎ᠠ 2024 ᠤᠨ ᠤ ᠠᠵᠢᠯ ᠤᠯᠭᠤᠯᠳᠠ ᠶᠢᠨ ᠠᠵᠢᠯ ᠨᠢ ᠪᠦᠬᠦ ᠤᠷᠤᠨ ᠤ ᠬᠢᠨᠠᠨ ᠰᠢᠯᠭᠠᠯᠳᠠ ᠳᠤ ᠪᠠᠰᠠ ᠪᠦᠷᠢᠨ ᠬᠤᠪᠢ ᠤᠯᠵᠦ᠂ ᠪᠦᠬᠦ ᠠᠶᠢᠮᠠᠭ ᠤᠨ ᠠᠵᠢᠯ ᠤᠯᠭᠤᠯᠳᠠ ᠶᠢᠨ ᠪᠠᠶᠢᠳᠠᠯ ᠶᠡᠷᠦᠩᠭᠡᠢ ᠳᠡᠭᠡᠨ ᠲᠤᠭᠳᠠᠭᠤᠨ ᠪᠠᠶᠢᠨ᠎ᠠ᠃        ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠭᠰᠠᠨ ᠴᠢᠬᠤᠯᠠ ᠶᠡᠭᠡ ᠡᠭᠦᠷᠭᠡ ᠪᠣᠯᠤᠨ᠎ᠠ᠃ ᠠᠵᠢᠯ ᠤᠯᠭᠤᠯᠳᠠ ᠶᠢ ᠠᠬᠢᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠦᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠭᠢᠯᠭᠡ᠂ ᠴᠠᠭ ᠪᠢᠳᠡᠨ ᠢ ᠬᠦᠯᠢᠶᠡᠬᠦ ᠦᠭᠡᠢ ᠬᠠᠷᠢᠭᠤᠴᠠᠯᠭᠠᠲᠤ ᠰᠡᠳᠭᠢᠯᠭᠡ ᠪᠠᠷ ᠪᠣᠳᠠᠲᠠᠢ ᠶᠢ ᠡᠷᠬᠢᠮᠯᠡᠨ ᠪᠣᠭᠤᠮᠲᠠ ᠰᠢᠪᠲᠤᠯᠵᠤ᠂ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠪᠣᠯᠤᠨ᠎ᠠ᠃ ᠨᠢᠭᠡ ᠳᠤ᠂ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠤᠳᠤᠷᠢᠳᠤᠮᠵᠢ ᠶᠢ ᠳᠣᠪᠤᠶᠢᠯᠭᠠᠵᠤ᠂ ᠠᠵᠢᠯ ᠤᠯᠤᠬᠰᠠᠳ ᠤᠨ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠤᠨ᠎ᠠ᠃ ᠠᠵᠢᠯ ᠣᠯᠭᠤᠯᠲᠠ ᠶᠢᠨ ᠨᠥᠯᠥᠭᠡ ᠶᠢ ᠦᠨᠡᠯᠡᠨ ᠵᠢᠱᠢᠬᠦ ᠲᠤᠭᠳᠠᠴᠠ ᠶᠢ ᠪᠠᠶᠢᠭᠤᠯᠵᠦ᠂ ᠰᠠᠨᠠᠭᠠᠴᠢᠯᠠᠭ᠎ᠠ ᠠᠴᠠ ᠪᠠᠨ ᠠᠵᠦ ᠠᠬᠤᠶᠢᠯᠠᠯ ᠢᠶᠠᠷ ᠬᠦᠨᠵᠡᠭᠡᠶᠢᠷᠡᠨ ᠱᠠᠭᠠᠷᠳᠠᠯᠭ᠎ᠠ ᠬᠡᠷᠡᠭᠴᠡᠭᠡ ᠶᠢ ᠠᠰᠠᠭᠤᠨ᠂ ᠡᠯ᠎ᠡ ᠲᠦᠷᠦᠯ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠬᠥᠳᠡᠯᠦᠩᠭᠦᠢ ᠪᠠᠷ ᠴᠤᠭᠯᠠᠭᠤᠯᠵᠤ᠂ ᠨᠡᠩ ᠤᠯᠠᠨ ᠠᠵᠢᠯ ᠤᠨ ᠪᠠᠶᠢᠷᠢ ᠶᠢ ᠠᠭᠤᠳᠠᠯᠤᠨ᠎ᠠ︔ ᠬᠤᠶᠠᠷ ᠲᠤ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠱᠠᠲᠤ ᠬᠤᠪᠢᠶᠠᠨ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠪᠠ ᠦᠢᠯᠡᠴᠢᠯᠡᠭᠡᠨ ᠤ ᠨᠠᠷᠢᠨ ᠬᠠᠭᠤᠳᠠᠰᠦ ᠶᠢ ᠨᠠᠶᠢᠷᠠᠭᠤᠯᠤᠨ ᠵᠤᠬᠢᠶᠠᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ᠂ ᠬᠠᠪᠰᠤᠷᠤᠨ ᠲᠡᠳᠬᠦᠬᠦ ᠵᠡᠷᠭᠡ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠬᠠᠨᠳᠤᠯᠭᠠᠲᠤ ᠴᠢᠨᠠᠷᠳᠠᠢ ᠪᠠᠷ ᠦᠷᠨᠢᠬᠦᠯᠦᠨ᠎ᠠ︔ ᠭᠤᠷᠪᠠ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠵᠦ᠂ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠴᠢᠩᠭᠠᠳᠬᠠᠨ᠎ᠠ᠃ ︽ᠬᠢᠩᠭᠠᠨ ᠲᠠᠪᠠᠭᠠᠨ ᠳᠠᠬᠢ ᠡᠬᠦᠯᠡᠨ ᠠᠵᠢᠯ ᠤᠯᠭᠤᠯᠳᠠ︾ ᠶᠢᠨ ᠠᠵᠢᠯ ᠡᠷᠢᠵᠦ ᠠᠵᠢᠯᠴᠢᠨ ᠬᠡᠷᠡᠭᠯᠡᠬᠦ ᠰᠢᠨ᠎ᠡ ᠵᠠᠭᠪᠤᠷ ᠢ ᠡᠬᠦᠳᠴᠦ᠂ ︽ᠬᠡᠷ ᠤᠨ ᠡᠭᠦᠳᠡ︾ ᠳᠠᠬᠢ ᠠᠵᠢᠯ ᠤᠯᠭᠤᠯᠳᠠ ᠶᠢᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠦ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠡ᠃ · ᠡᠤ ᠭᠧᠨ ᠰᠢᠶᠦ᠋ᠩ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号