ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠬᠡᠷᠡᠭᠯᠡᠭᠡ ᠶᠢ ᠬᠦᠭᠵᠢᠬᠡᠵᠦ ᠠᠵᠦ ᠠᠬᠤᠢ ᠶᠢᠨ ᠬᠦᠭᠵᠢᠯᠳᠡ ᠶᠢ ᠠᠬᠢᠭᠤᠯᠪᠠ
ᠨᠡᠶᠢᠲᠡᠯᠡᠭᠰᠡᠨ ᠴᠠᠭ᠄
2025/2/19
        ᠬᠡᠷᠡᠭᠯᠡᠭᠡ ᠪᠤᠯ ᠠᠵᠦ ᠠᠬᠤᠢ ᠶᠢᠨ ᠨᠡᠮᠡᠭᠳᠡᠯ ᠤᠨ ᠰᠠᠭᠤᠷᠢ ᠮᠦᠨ᠃ 2024 ᠤᠨ ᠳᠤ ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠪᠦᠬᠦ ᠲᠠᠯ᠎ᠠ ᠶᠢ ᠲᠦᠯᠦᠪᠵᠢᠬᠦᠯᠬᠦ᠂ ᠭᠤᠤᠯᠳᠠᠯᠭ᠎ᠠ ᠶᠢ ᠠᠳᠬᠤᠬᠤ᠂ ᠤᠨᠴᠠᠯᠢᠭ ᠢ ᠡᠬᠦᠳᠬᠦ ᠶᠢ ᠪᠠᠷᠢᠮᠳᠠᠯᠠᠨ᠂ ᠰᠢᠷᠢᠰ ᠬᠡᠷᠡᠭᠯᠡᠬᠡᠨ ᠤ ᠲᠦᠷᠦ ᠶᠢᠨ ᠪᠤᠳᠤᠯᠭ᠎ᠠ ᠭᠠᠷᠭᠠᠬᠰᠠᠨ ᠠᠴᠠ ᠢᠯᠡᠷᠬᠡᠢ ᠦᠷ᠎ᠡ ᠪᠦᠳᠦᠮᠵᠢ ᠤᠯᠵᠦ᠂ ᠪᠦᠬᠦ ᠠᠶᠢᠮᠠᠬ ᠤᠨ ᠬᠡᠷᠡᠭᠯᠡᠬᠡᠨ ᠤ ᠵᠠᠬ᠎ᠠ ᠲᠡᠯᠬᠡᠬᠦᠷ ᠶᠡᠷᠦᠩᠭᠡᠢ ᠳᠡᠭᠡᠨ ᠳᠤᠭᠳᠠᠭᠤᠨ ᠢᠶᠠᠷ ᠬᠦᠭᠵᠢᠵᠤ ᠠᠮᠢᠵᠢᠷᠠᠯ ᠤᠨ ᠬᠦᠴᠦᠨ ᠢᠶᠠᠷ ᠪᠢᠯᠬᠠᠵᠠᠢ᠃        ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽2024 ᠤᠨ ᠤ ᠬᠢᠨᠭ᠍ᠭᠠᠨ ᠠᠶᠢᠮᠠᠭ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠭᠤᠯᠤᠯᠳᠠ ᠶᠢ ᠬᠡᠷᠡᠭᠵᠢᠬᠦᠯᠬᠦ ᠶᠢ ᠠᠬᠢᠭᠤᠯᠬᠤ ᠲᠦᠰᠦᠪ︾ ᠵᠢᠴᠢ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠡᠬᠦᠷᠬᠡ ᠶᠢᠨ ᠨᠠᠷᠢᠨ ᠲᠠᠩᠰᠠ ᠳᠤ ᠵᠠᠰᠠᠪᠦᠷᠢ ᠤᠷᠤᠭᠤᠯᠤᠨ᠂ ᠠᠶᠢᠮᠠᠭ ᠤᠨ ᠲᠡᠰ ᠤᠨ 8 ᠲᠠᠯ᠎ᠠ ᠶᠢᠨ ᠭᠤᠤᠯᠳᠠᠯᠭ᠎ᠠ ᠲᠠᠢ ᠡᠬᠦᠷᠬᠡ ᠶᠢᠨ 38 ᠵᠦᠢᠯ ᠳᠤ ᠲᠤᠬᠢᠷᠠᠭᠤᠯᠦᠯᠳᠡ ᠬᠢᠵᠦ᠂ ᠤᠳᠤ ᠪᠦᠬᠦᠨ ᠢ ᠲᠠᠭᠤᠰᠬᠠᠬᠰᠠᠨ ᠪᠠᠶᠢᠨ᠎ᠠ᠃        2024 ᠤᠨ ᠳᠤ᠂ ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠭᠠᠳᠠᠭᠠᠳᠤ ᠠᠷᠠᠯᠵᠢᠶᠠᠨ ᠤ ᠬᠤᠯᠪᠤᠭᠠᠳᠤ ᠬᠤᠷᠠᠯ ᠪᠠ ᠭᠠᠳᠠᠭᠠᠳᠤ ᠪᠡᠯᠡ ᠶᠢᠨ ᠠᠵᠦ ᠠᠬᠤᠶᠢᠯᠠᠯ ᠤᠨ ᠬᠤᠷᠠᠯ ᠢ 6 ᠤᠳᠠᠭ᠎ᠠ ᠬᠤᠷᠠᠯᠳᠤᠭᠤᠯᠵᠠᠢ᠃ ᠪᠦᠬᠦ ᠠᠶᠢᠮᠠᠭ ᠤᠨ ᠭᠠᠳᠠᠭᠠᠳᠤ ᠠᠷᠠᠯᠵᠢᠶ᠎ᠠ ᠶᠢᠨ ᠠᠵᠢᠯ ᠤᠨ ᠰᠠᠭᠤᠳᠠᠯ ᠤᠨ ᠬᠤᠷᠠᠯ ᠵᠢᠴᠢ ᠲᠤᠬᠠᠶᠢᠯᠠᠬᠰᠠᠨ ᠠᠵᠢᠯ ᠤᠨ ᠶᠡᠷᠦᠩᠭᠡᠶᠢᠯᠡᠭᠰᠡᠨ ᠬᠡᠷᠡᠭᠯᠡᠯᠳᠡ ᠶᠢᠨ ᠴᠢᠳᠠᠪᠦᠷᠢ ᠶᠢ ᠲᠡᠭᠡᠭᠰᠢᠯᠡᠬᠦᠯᠬᠦ ᠪᠤᠯᠪᠠᠰᠦᠷᠠᠯ ᠢ 1 ᠬᠤᠭᠤᠴᠠᠭ᠎ᠠ ᠡᠷᠬᠢᠯᠡᠵᠦ᠂ ᠨᠡᠶᠢᠳᠡ 300 ᠭᠠᠷᠦᠢ ᠬᠦᠮᠦᠨ ᠤᠷᠤᠯᠴᠠᠵᠠᠢ᠃ ᠬᠢᠯᠢ ᠠᠯᠦᠰᠯᠠᠬᠰᠠᠨ ᠡᠯᠧᠺᠲᠷᠤᠨ ᠬᠤᠳᠠᠯᠳᠤᠭᠠᠴᠢᠨ ᠬᠦᠮᠦᠵᠢᠬᠦᠯᠬᠦ ᠰᠠᠭᠤᠷᠢᠨ ᠭᠠᠵᠠᠷ ᠢ ᠪᠠᠶᠢᠭᠤᠯᠵᠦ᠂ ᠬᠢᠯᠢ ᠠᠯᠦᠰᠯᠠᠬᠰᠠᠨ ᠡᠯᠧᠺᠲᠷᠤᠨ ᠬᠤᠳᠠᠯᠳᠤᠭᠠᠨ ᠤ ᠴᠢᠳᠠᠪᠦᠷᠢᠳᠠᠨ ᠤ ᠪᠤᠯᠪᠠᠰᠦᠷᠠᠯ ᠢ 4 ᠬᠤᠭᠤᠴᠠᠭ᠎ᠠ ᠦᠷᠨᠢᠬᠦᠯᠵᠦ᠂ 100 ᠭᠠᠷᠦᠢ ᠬᠦᠮᠦᠨ ᠳᠤ ᠪᠤᠯᠪᠠᠰᠦᠷᠠᠯ ᠬᠦᠷᠳᠡᠭᠡᠵᠦ᠂ 40 ᠡᠵᠡᠩᠨᠡᠯᠳᠡ ᠶᠢᠨ ᠭᠤᠤᠯ ᠴᠤᠬᠴᠠ ᠶᠢ ᠬᠦᠮᠦᠵᠢᠬᠦᠯᠵᠡᠢ᠃ RCEP ︵ᠤᠷᠤᠨ ᠪᠦᠰᠡ ᠶᠢᠨ ᠪᠦᠬᠦ ᠲᠠᠯ᠎ᠠ ᠶᠢᠨ ᠠᠵᠦ ᠠᠬᠤᠢ ᠶᠢᠨ ᠠᠨᠳᠠ ᠶᠢᠨ ᠬᠠᠷᠢᠴᠠᠭ᠎ᠠ ᠶᠢᠨ ᠵᠦᠪᠯᠡᠯᠴᠡᠭᠡᠷ︶ ᠤᠯᠠᠨ ᠤᠯᠤᠰ ᠤᠨ ᠵᠠᠬ᠎ᠠ ᠲᠡᠯᠬᠡᠬᠦᠷ ᠢ ᠦᠷᠬᠦᠯᠵᠢᠯᠡᠨ ᠦᠷᠭᠡᠳᠬᠡᠵᠦ᠂ ᠺᠧ ᠴᠢᠨ ᠸᠠᠨ ᠵᠢᠶᠠ᠂ ᠲᠧ ᠮᠤ᠋ ᠮᠠᠯᠵᠢᠯ ᠤᠨ ᠦᠢᠯᠡᠰ ᠵᠡᠷᠭᠡ ᠭᠠᠳᠠᠭᠠᠳᠤ ᠠᠷᠠᠯᠵᠢᠶᠠᠨ ᠤ ᠠᠵᠦ ᠠᠬᠤᠶᠢᠯᠠᠯ ᠤᠨ ᠭᠠᠳᠠᠬᠰᠢ ᠭᠠᠷᠭᠠᠬᠤ ᠬᠡᠪᠴᠢᠶ᠎ᠡ ᠲᠠᠰᠦᠷᠠᠯᠳᠠ ᠦᠬᠡᠢ ᠦᠷᠭᠡᠳᠴᠡᠢ᠃        ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠶᠢᠨ ᠢᠳᠡᠪᠬᠢᠳᠡᠢ ᠴᠢᠷᠮᠠᠶᠢᠯᠭ᠎ᠠ ᠪᠠᠷ᠂ ᠷᠠᠰᠢᠶᠠᠨ ᠪᠤᠭᠤᠮᠳᠠ ᠶᠢᠨ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠠᠷᠠᠳ ᠤᠨ ᠠᠷᠠᠯᠵᠢᠶᠠᠨ ᠤ ᠵᠠᠬ᠎ᠠ ᠲᠡᠯᠬᠡᠬᠦᠷ 4 ᠰᠠᠷ᠎ᠠ ᠶᠢᠨ 1 ᠤ ᠡᠳᠦᠷ ᠡᠵᠡᠩᠨᠡᠯᠳᠡ ᠬᠢᠵᠦ᠂ ᠭᠤᠯᠢᠷ᠂ ᠢᠳᠡᠰᠢᠨ ᠲᠤᠰᠤ ᠵᠡᠷᠭᠡ 14 ᠲᠦᠷᠦᠯ ᠤᠨ ᠲᠠᠸᠠᠷ ᠤᠨ ᠰᠤᠯᠢᠯᠴᠠᠭ᠎ᠠ ᠬᠢᠬᠦ ᠶᠢ ᠪᠡᠶᠡᠯᠡᠬᠦᠯᠵᠦ᠂ 1.6 ᠲᠦᠮᠡᠨ ᠬᠢᠯᠢ ᠶᠢᠨ ᠠᠷᠠᠳ ᠠᠷᠠᠯᠵᠢᠶᠠᠨ ᠤ ᠵᠠᠬ᠎ᠠ ᠲᠡᠯᠬᠡᠬᠦᠷ ᠤᠨ ᠠᠷᠠᠯᠵᠢᠶᠠᠨ ᠳᠤ ᠤᠷᠤᠯᠴᠠᠵᠠᠢ᠃        ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠰᠢᠨ᠎ᠠ ᠤᠨ ᠢᠶᠠᠨ ᠤᠬᠳᠤᠬᠤ᠂ ᠲᠤᠯᠠᠭᠠᠨ ᠬᠠᠪᠦᠷ᠂ ᠬᠠᠯᠠᠭᠤᠨ ᠵᠤᠨ᠂ ᠰᠢᠷᠭᠠᠯ ᠨᠠᠮᠦᠷ᠂ ᠮᠦᠡᠭᠬᠦᠨ ᠡᠪᠦᠯ︾ ᠲᠠᠪᠦᠨ ᠬᠡᠷᠡᠭᠯᠡᠬᠡᠨ ᠤ ᠤᠯᠠᠷᠢᠯ ᠢᠶᠠᠷ ᠭᠤᠤᠯ ᠰᠡᠳᠤᠪ ᠪᠤᠯᠭᠠᠵᠦ᠂ ᠬᠠᠷᠠᠭᠠᠯᠵᠠᠯ ᠦᠵᠡᠬᠦᠯᠬᠦ᠂ ᠠᠮᠳᠠᠳᠤ ᠢᠳᠡᠬᠡᠨ ᠤ ᠤᠷᠤᠯᠳᠤᠭᠠᠨ ᠵᠡᠷᠭᠡ ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 900 ᠭᠠᠷᠦᠢ ᠲᠠᠯᠠᠪᠦᠷ ᠦᠷᠨᠢᠬᠦᠯᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠰᠡᠷᠬᠦᠯᠳᠡ ᠶᠢᠨ ᠴᠢᠨᠠᠷᠳᠠᠢ ᠨᠡᠮᠡᠭᠳᠡᠯ ᠢ ᠪᠡᠶᠡᠯᠡᠬᠦᠯᠵᠡᠢ᠃ ᠬᠠᠭᠤᠴᠢᠨ ᠬᠡᠷᠡᠭᠯᠡᠬᠡᠨ ᠤ ᠪᠤᠳᠠᠰ ᠢᠶᠠᠷ ᠰᠢᠨ᠎ᠠ ᠶᠢ ᠰᠤᠯᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠵᠠᠰᠠᠭ ᠤᠨ ᠤᠷᠳᠤᠨ ᠠᠵᠦ ᠠᠬᠤᠶᠢᠯᠠᠯ ᠬᠤᠯᠪᠤᠭᠠᠯᠠᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠦᠷᠢᠯᠠᠵᠦ᠂ ᠪᠦᠬᠦ ᠠᠶᠢᠮᠠᠭ ᠤᠨ 200 ᠭᠠᠷᠦᠢ ︽ᠬᠠᠭᠤᠴᠢᠨ ᠢᠶᠠᠷ ᠰᠢᠨ᠎ᠠ ᠶᠢ ᠰᠤᠯᠢᠬᠤ︾ ᠪᠤᠷᠤᠯᠠᠭᠤᠯᠭ᠎ᠠ ᠶᠢᠨ ᠠᠵᠦ ᠠᠬᠤᠶᠢᠯᠠᠯ ᠤᠷᠤᠯᠴᠠᠵᠦ᠂ 1.2 ᠳ᠋ᠦᠡᠭᠰᠢᠭᠤᠷ ᠲᠦᠬᠦᠷᠢᠭ ᠤᠨ ᠨᠦᠬᠦᠪᠦᠷᠢ ᠲᠠᠷᠬᠠᠭᠠᠵᠦ᠂ ᠪᠠᠷᠤᠭ 8.4 ᠳ᠋ᠦᠡᠭᠰᠢᠭᠤᠷ ᠲᠦᠬᠦᠷᠢᠭ ᠤᠨ ᠬᠡᠷᠡᠭᠯᠡᠭᠡ ᠶᠢ ᠲᠠᠶᠢᠴᠢᠯᠠᠵᠠᠢ᠃        ᠠ ᠯᠢ ᠪᠠ ᠪᠠ᠂ ᠵᠢᠩ ᠳ᠋ᠦᠩ᠂ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠲᠡᠪᠴᠡᠩ ᠤᠨ ᠲᠠᠪᠠᠭᠤᠯᠢᠭ ᠲᠤ ᠲᠦᠰᠢᠭᠯᠡᠨ᠂ ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠮᠢᠩᠭᠠᠨ ᠬᠦᠮᠦᠨ ᠪᠠᠷᠠᠭ᠎ᠠ ᠬᠤᠳᠠᠯᠳᠤᠨ᠂ ᠲᠦᠮᠡᠨ ᠬᠦᠮᠦᠨ ᠤ ᠤᠷᠤᠯᠭ᠎ᠠ ᠶᠢ ᠨᠡᠮᠡᠭᠳᠡᠬᠦᠯᠬᠦ᠂ ᠳ᠋ᠦᠡᠭᠰᠢᠭᠤᠷ ᠲᠦᠬᠦᠷᠢᠭ ᠤᠨ ᠪᠤᠷᠤᠯᠠᠭᠤᠯᠭ᠎ᠠ ᠶᠢ ᠡᠬᠦᠳᠬᠦ︾ ᠲᠤᠰᠬᠠᠢ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠡᠯᠧᠺᠲᠷᠤᠨ ᠬᠤᠳᠠᠯᠳᠤᠭᠠᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢᠨ ᠵᠤᠯᠭᠠᠯᠴᠠᠭᠠᠨ ᠤ ᠬᠤᠷᠠᠯ᠂ ᠰᠢᠯᠢᠳᠡᠭ ᠪᠠᠷᠠᠭ᠎ᠠ ᠪᠠᠷ ᠠᠶᠢᠮᠠᠭ ᠢᠶᠠᠨ ᠬᠦᠴᠦᠷᠭᠡᠭᠵᠢᠬᠦᠯᠬᠦ ᠡᠯᠧᠺᠲᠷᠤᠨ ᠬᠤᠳᠠᠯᠳᠤᠭᠠᠨ ᠤ ᠰᠠᠷ᠎ᠠ ᠵᠡᠷᠭᠡ ᠠᠵᠢᠯᠯᠠᠭ᠎ᠠ ᠶᠢ 210 ᠭᠠᠷᠦᠢ ᠲᠠᠯᠠᠪᠦᠷ ᠦᠷᠨᠢᠬᠦᠯᠵᠡᠢ᠃ ᠡᠯᠧᠺᠲᠷᠤᠨ ᠬᠤᠳᠠᠯᠳᠤᠭ᠎ᠠ ᠶᠢ ᠲᠦᠬᠡᠮᠡᠯᠵᠢᠬᠦᠯᠬᠦ᠂ ᠲᠡᠭᠡᠭᠰᠢᠯᠡᠬᠦᠯᠬᠦ ᠵᠡᠷᠭᠡ ᠲᠤᠰᠬᠠᠢ ᠪᠤᠯᠪᠠᠰᠦᠷᠠᠯ ᠢ 10 ᠬᠤᠭᠤᠴᠠᠭ᠎ᠠ ᠦᠷᠨᠢᠬᠦᠯᠵᠦ 1500 ᠭᠠᠷᠦᠢ ᠬᠦᠮᠦᠨ ᠳᠤ ᠪᠤᠯᠪᠠᠰᠦᠷᠠᠯ ᠬᠦᠷᠳᠡᠬᠡᠵᠦ᠂ ︽ᠬᠢᠨᠭ᠍ᠭᠠᠨ ᠤ ᠤᠨᠴᠠ ᠭᠠᠷᠦᠯᠳᠠ ᠶᠢᠨ ᠤᠷᠳᠤᠨ︾᠂ ︽ᠵᠠᠯᠠᠶᠢᠳ ᠲᠤ ᠢᠷᠡᠵᠦ ᠰᠢᠯᠢᠳᠡᠭ ᠪᠠᠷᠠᠭ᠎ᠠ ᠰᠤᠩᠭᠤᠬᠤ︾ ᠵᠡᠷᠭᠡ ᠡᠯᠧᠺᠲᠷᠤᠨ ᠬᠤᠳᠠᠯᠳᠤᠭᠠᠨ ᠤ ᠪᠤᠷᠤᠯᠠᠭᠤᠯᠭ᠎ᠠ ᠶᠢᠨ ᠲᠡᠪᠴᠡᠩ 5 ᠪᠠᠶᠢᠭᠤᠯᠵᠠᠢ᠃        ᠡᠬᠦᠨ ᠤ ᠬᠠᠮᠳᠤ᠂ ᠬᠢᠨᠭ᠍ᠭᠠᠨ ᠠᠶᠢᠮᠠᠭ ᠢᠶᠠᠷ ᠨᠤᠳᠤᠬᠳᠠᠢ ᠡᠯᠧᠺᠲᠷᠤᠨ ᠬᠤᠳᠠᠯᠳᠤᠭᠠᠨ ᠤ ᠠᠵᠦ ᠠᠬᠤᠶᠢᠯᠠᠯ ᠢ ᠬᠢᠨᠭ᠍ᠭᠠᠨ ᠠᠶᠢᠮᠠᠭ ᠲᠤ ᠦᠢᠯᠡᠰ ᠪᠤᠰᠬᠠᠬᠤ ᠶᠢ ᠤᠷᠢᠵᠦ᠂ ᠬᠤᠰᠢᠭᠤ ᠰᠢᠶᠠᠨ ᠬᠤᠳᠠ ᠶᠢᠨ ᠰᠦᠯᠵᠢᠶᠡᠨ ᠤᠳᠤ ᠪᠤᠯᠤᠨ ᠭᠤᠤᠯᠳᠠᠯᠭ᠎ᠠ ᠲᠠᠢ ᠰᠤᠮᠤ ᠰᠢᠶᠠᠩ ᠪᠠᠯᠭᠠᠰᠦ ᠶᠢ ᠰᠤᠩᠭᠤᠨ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠠᠢ᠃ ᠭᠤᠤᠯ ᠤᠳᠤᠷᠢᠳᠬᠤ ᠠᠵᠦ ᠦᠢᠯᠡᠰ ᠤᠨ ᠲᠠᠪᠠᠭᠤᠯᠢᠭ ᠲᠤ ᠰᠠᠭᠤᠷᠢᠯᠠᠨ ︽ᠬᠦᠷᠢᠶ᠎ᠡ ᠬᠠᠰᠢᠶ᠎ᠠ ᠶᠢᠨ ᠠᠵᠦ ᠠᠬᠤᠢ + ᠰᠢᠭᠤᠳ ᠨᠡᠪᠳᠡᠷᠡᠬᠦᠯᠬᠡ ᠡᠯᠧᠺᠲᠷᠤᠨ ᠬᠤᠳᠠᠯᠳᠤᠭ᠎ᠠ︾ ᠶᠢᠨ ᠵᠠᠬᠪᠦᠷ ᠢᠶᠠᠷ ᠬᠢᠨᠭ᠍ᠭᠠᠨ ᠠᠶᠢᠮᠠᠭ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠬᠦᠨ ᠢ ᠪᠤᠷᠤᠯᠠᠭᠤᠯᠬᠤ ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠤ ᠬᠦᠴᠦᠨ ᠨᠡᠮᠡᠷᠢᠯᠡᠵᠦ᠂ 2024 ᠤᠨ ᠳᠤ᠂ ᠪᠦᠬᠦ ᠠᠶᠢᠮᠠᠭ ᠤᠨ ᠰᠦᠯᠵᠢᠶᠡᠨ ᠤ ᠵᠢᠵᠢᠭᠯᠡᠨ ᠪᠤᠷᠤᠯᠠᠭᠤᠯᠤᠭᠰᠠᠨ ᠦᠷᠳᠡᠭ ᠨᠢ 15.35 ᠳ᠋ᠦᠡᠭᠰᠢᠭᠤᠷ ᠲᠦᠬᠦᠷᠢᠭ ᠲᠤ ᠲᠤᠯᠵᠠᠢ᠃        ᠪᠦᠬᠦ ᠤᠯᠤᠰ ᠤᠨ ᠬᠤᠶᠠᠳᠤᠭᠠᠷ ᠬᠤᠭᠤᠴᠠᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ︽ᠲᠤᠰᠬᠠᠢ ᠮᠡᠷᠬᠡᠵᠢᠯᠳᠡᠨ ᠬᠦᠳᠡᠭᠡ ᠪᠠᠭᠤᠬᠤ︾ ᠠᠵᠢᠯᠯᠠᠭ᠎ᠠ ᠵᠢᠴᠢ ᠦᠪᠦᠷ ᠮᠤᠩᠭᠤᠯ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢᠨ ᠪᠤᠯᠪᠠᠰᠦᠷᠠᠯ ᠢ ᠬᠢᠨᠭ᠍ᠭᠠᠨ ᠠᠶᠢᠮᠠᠭ ᠲᠤ ᠬᠤᠷᠠᠯᠳᠤᠭᠤᠯᠪᠠ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤ ᠬᠤᠶᠠᠳᠤᠭᠠᠷ ᠪᠦᠯᠦᠭ ᠤᠨ ᠪᠦᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ︽ᠬᠤᠰᠢᠭᠤᠴᠢ ᠰᠢᠶᠠᠨ︾ ᠤ ᠵᠢᠱᠢᠶ᠎ᠡ ᠶᠢᠨ ᠴᠤᠬᠯᠠᠷᠠᠯ ᠢᠶᠠᠷ ᠰᠤᠩᠭᠤᠬᠳᠠᠪᠠ᠃ ᠪᠦᠬᠦ ᠠᠶᠢᠮᠠᠭ ᠤᠨ 5 ᠬᠤᠰᠢᠭᠤ ᠰᠢᠶᠠᠨ ᠬᠤᠳᠠ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠡᠩᠨᠡᠬᠡᠨ ᠳᠤ ᠤᠷᠤᠵᠦ᠂ ᠬᠤᠰᠢᠭᠤ ᠰᠢᠶᠠᠨ ᠪᠦᠷᠢ 1000 ᠲᠦᠮᠡᠨ ᠲᠦᠬᠦᠷᠢᠭ ᠤᠷᠴᠢᠮ ᠤᠨ ᠲᠦᠷᠦ ᠶᠢᠨ ᠪᠤᠳᠤᠯᠭ᠎ᠠ ᠶᠢᠨ ᠪᠡᠯᠡ ᠮᠦᠡᠭᠬᠦ ᠬᠦᠷᠳᠡᠵᠡᠢ᠃        ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠬᠢᠨᠭ᠍ᠭᠠᠨ ᠤ ᠰᠠᠶᠢᠨ ᠲᠠᠸᠠᠷ ᠢ ᠴᠠᠩᠴᠦ᠋ᠨ ᠤ ᠰᠢᠨ᠎ᠠ ᠵᠢᠯ ᠤᠨ ᠴᠤᠬᠯᠠᠭ᠎ᠠ ᠮᠠᠶᠢᠮᠠᠢ ᠳᠤ ᠤᠷᠤᠭᠤᠯᠬᠤ ᠴᠤᠬᠯᠠᠭᠠᠨ ᠵᠢᠴᠢ ᠰᠤᠯᠢᠯᠴᠠᠭ᠎ᠠ ᠬᠠᠮᠵᠢᠯᠴᠠᠭᠠᠨ ᠤ ᠵᠤᠯᠭᠠᠯᠴᠠᠭ᠎ᠠ ᠶᠢᠨ ᠬᠤᠷᠠᠯ︾ ︽ᠬᠢᠨᠭ᠍ᠭᠠᠨ ᠠᠶᠢᠮᠠᠭ · ᠭᠤᠸᠠᠩᠳᠦ᠋ᠩ ᠰᠢᠶᠠᠩᠭᠠᠩ ᠤᠤᠮᠸᠠ ᠤ ᠲᠤᠮᠤ ᠪᠤᠯᠤᠩ ᠤᠨ ᠤᠷᠤᠨ ᠤ ᠪᠡᠯᠡ ᠤᠷᠤᠭᠤᠯᠤᠯᠳᠠ ᠶᠢᠨ ᠬᠠᠮᠵᠢᠯᠴᠠᠭ᠎ᠠ ᠶᠢ ᠵᠤᠯᠭᠠᠯᠴᠠᠭᠤᠯᠬᠤ ᠬᠤᠷᠠᠯ︾ ︽ᠦᠪᠦᠷ ᠮᠤᠩᠭᠤᠯ ᠤᠨ ᠦᠢᠯᠡᠳᠬᠦᠨ ᠪᠡᠬᠡᠵᠢᠩ ᠳᠤ ᠪᠤᠷᠤᠯᠠᠭᠤᠯᠭ᠎ᠠ ᠶᠢᠨ ᠠᠵᠦ ᠠᠬᠤᠶᠢᠯᠠᠯ ᠤᠨ ᠬᠤᠯᠪᠤᠭ᠎ᠠ ᠪᠠᠶᠢᠭᠤᠯᠬᠤ ᠬᠤᠷᠠᠯ︾ ᠵᠡᠷᠭᠡ ᠡᠵᠡᠩᠨᠡᠨ ᠪᠤᠷᠤᠯᠠᠭᠤᠯᠬᠤ ᠲᠠᠨᠢᠯᠴᠠᠭᠤᠯᠭ᠎ᠠ ᠶᠢᠨ ᠬᠤᠷᠠᠯ ᠢ 10 ᠭᠠᠷᠦᠢ ᠲᠠᠯᠠᠪᠦᠷ ᠦᠷᠨᠢᠬᠦᠯᠪᠡ᠃ ᠲᠤᠬᠠᠢ ᠶᠢᠨ ᠲᠠᠯᠠᠪᠦᠷ ᠲᠤ ᠬᠢᠨᠭ᠍ᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠤᠨᠴᠠᠯᠢᠬᠳᠤ ᠪᠦᠳᠦᠭᠡᠭᠳᠡᠬᠦᠨ ᠢ ᠲᠦᠪᠯᠡᠷᠡᠬᠦᠯᠦᠨ ᠲᠡᠯᠬᠡᠨ ᠦᠵᠡᠬᠦᠯᠵᠦ᠂ ᠬᠤᠳᠠᠯᠳᠤᠬᠰᠠᠨ ᠠᠷᠠᠯᠵᠢᠶᠠᠨ ᠤ ᠦᠷᠳᠡᠭ ᠨᠢ 2 ᠳ᠋ᠦᠡᠭᠰᠢᠭᠤᠷ ᠲᠦᠬᠦᠷᠢᠭ ᠢ ᠲᠠᠪᠠᠵᠠᠢ᠃        ᠰᠦᠯᠵᠢᠶᠡᠨ ᠲᠡᠭᠡᠷ᠎ᠡ ᠪᠠ ᠪᠤᠳᠠᠳᠤ ᠴᠤᠬᠴᠠ ᠳᠤ ᠰᠢᠭᠤᠳ ᠪᠤᠷᠤᠯᠠᠭᠤᠯᠬᠤ ᠶᠢ ᠠᠳᠠᠯᠢ ᠠᠯᠬᠤᠮ ᠢᠶᠠᠷ ᠬᠦᠭᠵᠢᠬᠦᠯᠵᠦ᠂ ᠲᠠᠷᠢᠶᠠᠯᠠᠩ ᠤᠨ ᠤᠨᠴᠠᠯᠢᠬᠳᠤ ᠪᠦᠳᠦᠭᠡᠭᠳᠡᠬᠦᠨ ᠢ ᠪᠤᠷᠤᠯᠠᠭᠤᠯᠬᠤ ᠵᠠᠮ ᠢᠶᠠᠨ ᠢᠳᠡᠪᠬᠢᠳᠡᠢ ᠦᠷᠭᠡᠳᠬᠡᠵᠦ᠂ ᠲᠤᠤ ᠪᠤᠤ᠂ ᠵᠢᠩ ᠳ᠋ᠦᠩ᠂ ᠴᠤᠤᠷᠢᠶ᠎ᠠ ᠵᠡᠷᠭᠡ ᠲᠤᠮᠤ ᠬᠡᠯᠪᠡᠷᠢ ᠶᠢᠨ ᠡᠯᠧᠺᠲᠷᠤᠨ ᠬᠤᠳᠠᠯᠳᠤᠭ᠎ᠠ ᠪᠠ ᠰᠢᠨ᠎ᠠ ᠵᠠᠭᠤᠴᠢᠯᠠᠭᠤᠷ ᠤᠨ ᠲᠡᠪᠴᠡᠩ ᠲᠠᠢ ᠬᠠᠮᠳᠤᠷᠠᠨ᠂ ︽ᠬᠤᠤᠰ ᠪᠦᠳᠦᠭᠡᠭᠳᠡᠬᠦᠨ ᠬᠤᠳᠠᠯᠳᠤᠨ ᠠᠪᠬᠤ ᠨᠠᠶᠢᠷ︾ ︽ᠬᠢᠨᠭ᠍ᠭᠠᠨ ᠤ ᠰᠠᠶᠢᠨ ᠲᠠᠸᠠᠷ ᠤᠨ ᠡᠯᠧᠺᠲᠷᠤᠨ ᠬᠤᠳᠠᠯᠳᠤᠭᠠᠨ ᠤ ᠰᠠᠷ᠎ᠠ︾ ᠵᠡᠷᠭᠡ ᠡᠯ᠎ᠡ ᠲᠦᠷᠦᠯ ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 200 ᠭᠠᠷᠦᠢ ᠲᠠᠯᠠᠪᠦᠷ ᠦᠷᠨᠢᠬᠦᠯᠪᠡ᠃ ︽832 ᠲᠡᠪᠴᠡᠩ︾ ᠳᠤ ᠲᠦᠰᠢᠭᠯᠡᠨ ᠬᠠᠨᠭ᠍ᠭᠠᠬᠤ ᠬᠤᠳᠠᠯᠳᠤᠨ ᠠᠪᠬᠤ ᠶᠢ ᠵᠤᠯᠭᠠᠭᠤᠯᠬᠤ ᠶᠢ ᠴᠢᠩᠭᠠᠳᠬᠠᠨ᠂ ᠨᠤᠳᠤᠭ ᠤᠨ ᠭᠠᠷᠦᠯᠳᠠ ᠵᠢᠴᠢ ᠵᠠᠬᠢᠶᠠᠯᠬᠠᠰᠠᠨ ᠦᠢᠯᠡᠳᠬᠦᠨ ᠢ ᠵᠠᠰᠠᠭ ᠤᠨ ᠤᠷᠳᠤᠨ ᠬᠤᠳᠠᠯᠳᠤᠨ ᠠᠪᠬᠤ ᠠᠷᠭ᠎ᠠ ᠵᠠᠮ ᠢᠶᠠᠷ ᠬᠢᠨᠭ᠍ᠭᠠᠨ ᠠᠶᠢᠮᠠᠭ ᠤᠨ ᠬᠡᠰᠡᠭ ᠲᠠᠷᠢᠶᠠᠯᠠᠩ ᠤᠨ ᠤᠨᠴᠠᠯᠢᠬᠳᠤ ᠦᠢᠯᠡᠳᠬᠦᠨ ᠢ ᠲᠤᠮᠳᠠᠳᠤ ᠤᠯᠤᠰ ᠤᠨ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠪᠦᠯᠦᠭᠯᠡᠯ ᠺᠤᠮᠫᠠᠨᠢ᠂ ᠲᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠦ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠲᠦᠬᠦᠮ ᠦᠵᠡᠭᠦᠯᠬᠦ ᠲᠡᠯᠬᠡᠬᠦᠷ᠂ ᠦᠨᠳᠦᠷ ᠬᠤᠷᠳᠤᠴᠠᠳᠤ ᠵᠠᠰᠠᠮᠠᠯ ᠵᠠᠮ ᠤᠨ ᠦᠢᠯᠡᠴᠢᠯᠡᠬᠡᠨ ᠤ ᠲᠤᠭᠤᠷᠢᠭ ᠵᠢᠴᠢ ᠰᠦᠯᠵᠢᠶᠡᠨ ᠲᠡᠭᠡᠷᠡᠬᠢ ᠲᠡᠪᠴᠡᠩ ᠳᠤ ᠤᠷᠤᠭᠤᠯᠵᠦ ᠪᠤᠷᠤᠯᠠᠭᠤᠯᠬᠤ ᠶᠢ ᠠᠬᠢᠭᠤᠯᠵᠠᠢ᠃        ᠬᠢᠨᠭ᠍ᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠶᠢᠮᠠᠭ ᠤᠨ ᠲᠤᠳᠤᠨᠠᠬᠢ ᠠᠵᠦ ᠠᠬᠤᠶᠢᠯᠠᠯ ᠢ ᠪᠡᠬᠡᠵᠢᠩ᠂ ᠱᠠᠩᠬᠠᠢ ᠵᠡᠷᠭᠡ ᠭᠠᠵᠠᠷ ᠤᠷᠤᠨ ᠳᠤ ᠬᠢᠨᠭ᠍ᠭᠠᠨ ᠠᠶᠢᠮᠠᠭ ᠤᠨ ᠲᠠᠷᠢᠶᠠᠯᠠᠩ ᠤᠨ ᠤᠨᠴᠠᠯᠢᠬᠳᠤ ᠪᠦᠳᠦᠭᠡᠭᠳᠡᠬᠦᠨ ᠤ ᠲᠤᠰᠬᠠᠢ ᠬᠤᠳᠠᠯᠳᠤᠭ᠎ᠠ᠂ ᠬᠤᠰᠢᠭᠤᠴᠢ ᠲᠡᠯᠬᠡᠬᠦᠷ ᠪᠠ ᠦᠵᠡᠬᠦᠯᠬᠡ ᠶᠢᠨ ᠲᠦᠪ ᠲᠤᠬᠢᠷᠠᠭᠤᠯᠬᠤ ᠶᠢ ᠵᠤᠷᠢᠬᠵᠢᠭᠤᠯᠵᠠᠢ᠃ ︽ᠦᠪᠦᠷ ᠮᠤᠩᠭᠤᠯ ᠤᠨ ᠠᠮᠳᠠᠳᠤ ᠢᠳᠡᠬᠡᠨ︾ ᠢ ᠬᠡᠯᠳᠡᠰ ᠵᠦᠪᠯᠡᠯ᠂ ᠲᠦᠪ ᠤᠨ ᠠᠵᠦ ᠠᠬᠤᠶᠢᠯᠠᠯ ᠢᠶᠠᠷ ᠤᠷᠤᠭᠤᠯᠬᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠨᠡᠶᠢᠰᠯᠡᠯ᠂ ᠤᠷᠤᠨ ᠤ ᠲᠦᠪ ᠬᠤᠳᠠ ᠶᠢᠨ ᠬᠡᠰᠡᠭ ᠪᠠᠶᠢᠭᠤᠯᠭ᠎ᠠ ᠨᠢᠬᠡᠴᠢ ᠶᠢᠨ ᠬᠤᠭᠤᠯᠠᠨ ᠲᠢᠩᠬᠢᠮ ᠳᠤ ᠬᠢᠨᠭ᠍ᠭᠠᠨ ᠤ ᠤᠨᠴᠠ ᠭᠠᠷᠦᠯᠳᠠ ᠶᠢᠨ ᠦᠵᠡᠬᠦᠯᠬᠡ ᠶᠢᠨ ᠲᠤᠭᠤᠷᠢᠭ ᠲᠤᠬᠢᠷᠠᠭᠤᠯᠵᠠᠢ᠃ ︵ᠰᠦᠨ ᠰᠢᠨ ᠢᠤᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号