| ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ︽ | ᠬᠢᠨᠭ᠍ᠭᠠᠨ ᠠᠶᠢᠮᠠᠭ ᠤᠨ ᠨᠠᠢᠮᠠᠳᠤᠭᠠᠷ ᠪᠦᠯᠦᠭ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ | ᠭᠠᠵᠠᠷ ᠢ ᠨᠡᠷᠡᠶᠢᠳᠬᠦ ᠲᠤᠬᠠᠢ ᠮᠡᠳᠡᠭᠳᠡᠯ︾ ᠪᠠᠭᠤᠯᠭᠠᠵᠦ᠂ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ | ᠬᠤᠷᠢᠶ᠎ᠠ ᠶᠢᠨ ᠮᠤᠩᠭᠤᠯ ᠡᠮ ᠡᠮᠨᠡᠯᠬᠡ ᠶᠢᠨ ᠮᠦᠽᠸᠢ ᠨᠢ ᠡᠯᠪᠡᠭ ᠪᠠᠶᠠᠯᠢᠭ ᠰᠤᠶᠤᠯ ᠤᠨ ᠠᠭᠤᠯᠤᠬᠳᠠᠬᠤᠨ ᠪᠠ | ᠦᠪᠡᠷᠮᠢᠴᠡ ᠰᠤᠷᠭᠠᠨ ᠬᠦᠮᠦᠵᠢᠯ ᠤᠨ ᠦᠨ᠎ᠡ ᠦᠷᠳᠡᠭ ᠪᠦᠬᠦᠢ ᠤᠨᠴᠠᠯᠢᠭ ᠢᠶᠠᠷ ᠢᠶᠠᠨ ︽ᠬᠢᠨᠭ᠍ᠭᠠᠨ ᠠᠶᠢᠮᠠᠭ ᠤᠨ | ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ︾ ᠤᠨ ᠢᠷᠠᠭᠤ ᠠᠯᠳᠠᠷ ᠢ ᠬᠦᠷᠳᠡᠵᠦ᠂ | ᠬᠢᠨᠭ᠍ᠭᠠᠨ ᠠᠶᠢᠮᠠᠭ ᠤᠨ ᠰᠤᠶᠤᠯ ᠰᠤᠷᠭᠠᠨ ᠬᠦᠮᠦᠵᠢᠯ ᠤᠨ ᠬᠦᠷᠢᠶᠡᠨ ᠤ ᠪᠠᠰᠠ ᠨᠢᠬᠡ ᠬᠢᠯᠠᠰ ᠴᠡᠭ ᠪᠤᠯᠵᠠᠢ᠃ | ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠮᠤᠩᠭᠤᠯ ᠡᠮ ᠡᠮᠨᠡᠯᠬᠡ ᠶᠢᠨ ᠮᠦᠽᠸᠢ ᠨᠢ | ᠮᠤᠩᠭᠤᠯ ᠡᠮ ᠡᠮᠨᠡᠯᠬᠡ ᠶᠢᠨ ᠰᠤᠶᠤᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠰᠠᠭᠤᠷᠢᠨ ᠭᠠᠵᠠᠷ ᠤᠨ ᠨᠢᠬᠡ ᠨᠢ | ᠪᠤᠯᠤᠬᠰᠠᠨ ᠤ ᠬᠤᠪᠢ ᠳᠤ᠂ ᠮᠦᠽᠸᠢ ᠪᠠᠨ ᠨᠡᠬᠡᠬᠡᠭᠰᠡᠨ ᠠᠴᠠ ᠨᠠᠭᠠᠰᠢ᠂ ᠮᠤᠩᠭᠤᠯ ᠡᠮ ᠡᠮᠨᠡᠯᠬᠡ ᠶᠢᠨ ᠦᠨᠢ | ᠤᠳᠠᠭᠠᠨ ᠲᠡᠤᠬᠡ᠂ ᠦᠪᠡᠷᠮᠢᠴᠡ ᠷᠢᠳᠢ ᠰᠢᠳᠢ ᠶᠢ ᠲᠡᠯᠬᠡᠨ ᠦᠵᠡᠬᠦᠯᠬᠦ ᠪᠠᠷ ᠴᠢᠷᠮᠠᠶᠢᠭᠰᠠᠭᠠᠷ ᠢᠷᠡᠭᠰᠡᠨ ᠶᠤᠮ᠃ | ᠮᠦᠽᠸᠢ ᠲᠤᠳᠤᠷ᠎ᠠ ᠶᠡᠭᠡ ᠬᠡᠮᠵᠢᠶᠡᠨ ᠤ ᠮᠤᠩᠭᠤᠯ ᠡᠮ ᠡᠮᠨᠡᠯᠬᠡ ᠶᠢᠨ ᠨᠤᠮ ᠰᠤᠳᠤᠷ᠂ ᠤᠯᠠᠮᠵᠢᠯᠠᠯᠳᠤ ᠡᠮᠴᠢᠯᠡᠬᠡᠨ ᠤ | ᠲᠤᠨᠤᠭ ᠲᠦᠬᠦᠭᠡᠷᠦᠮᠵᠢ ᠪᠠ ᠬᠤᠪᠤᠷ ᠴᠤᠬᠠᠭ ᠡᠮ ᠤᠨ ᠮᠠᠲ᠋ᠧᠷᠢᠶᠠᠯ ᠤᠨ ᠦᠯᠢᠬᠡᠷ ᠬᠡᠪ ᠵᠡᠷᠭᠡ ᠡᠷᠬᠢᠮ ᠨᠠᠨᠳᠢᠨ | ᠲᠤᠷᠠᠰᠬᠠᠯᠳᠤ ᠵᠦᠢᠯᠡᠰ ᠢ ᠲᠡᠯᠬᠡᠨ ᠦᠵᠡᠬᠦᠯᠵᠦ ᠪᠠᠶᠢᠳᠠᠭ᠃ ᠳᠤᠰ ᠮᠦᠽᠸᠢ ᠨᠢ ᠡᠳᠡᠬᠡᠷ ᠦᠵᠡᠬᠦᠯᠬᠡ ᠶᠢᠨ | ᠪᠤᠳᠠᠰ ᠢᠶᠠᠷ ᠲᠠᠮᠵᠢᠭᠤᠯᠤᠨ ᠬᠦᠮᠦᠰ ᠮᠤᠩᠭᠤᠯ ᠡᠮ ᠡᠮᠨᠡᠯᠬᠡ ᠶᠢᠨ ᠦᠪᠡᠷᠮᠢᠴᠡ ᠤᠨᠤᠯ ᠤᠨ ᠰᠢᠰᠲ᠋ᠧᠮ᠂ ᠤᠨᠤᠰᠢᠯᠠᠨ | ᠵᠠᠰᠠᠬᠤ ᠠᠷᠭ᠎ᠠ ᠪᠠ ᠡᠮ ᠨᠠᠶᠢᠷᠠᠬᠤ ᠮᠡᠷᠬᠡᠵᠢᠯ ᠵᠡᠷᠭᠡ ᠶᠢ ᠬᠦᠨᠵᠡᠬᠡᠢ ᠤᠶᠢᠯᠠᠭᠠᠭᠤᠯᠵᠦ ᠪᠠᠶᠢᠬᠤ ᠪᠦᠭᠡᠳ ᠡᠯ᠎ᠡ | ᠦᠨᠳᠦᠰᠦᠳᠡᠨ ᠤ ᠠᠷᠠᠳ ᠲᠦᠮᠡᠨ ᠤ ᠤᠮᠤᠬᠰᠢᠯᠳᠤ ᠰᠡᠳᠬᠢᠯᠬᠡ ᠪᠠ ᠤᠯᠤᠰ ᠢᠶᠠᠨ ᠬᠠᠶᠢᠷᠠᠯᠠᠬᠤ ᠰᠡᠳᠬᠢᠯᠬᠡ ᠶᠢ | ᠬᠦᠭᠵᠢᠬᠡᠵᠤ ᠪᠤᠢ᠃ | ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠮᠤᠩᠭᠤᠯ ᠡᠮ ᠡᠮᠨᠡᠯᠬᠡ ᠶᠢᠨ ᠮᠦᠽᠸᠢ ᠲᠤᠰ | ᠢᠷᠠᠭᠤ ᠠᠯᠳᠠᠷ ᠢᠶᠠᠷ ᠠᠵᠠ ᠲᠤᠬᠢᠶᠠᠯ ᠪᠤᠯᠭᠠᠵᠦ᠂ ᠦᠪᠡᠷ ᠤᠨ ᠪᠡᠶ᠎ᠡ ᠶᠢᠨ ᠪᠦᠳᠦᠬᠡᠨ ᠪᠠᠶᠢᠭᠤᠯᠤᠯᠳᠠ ᠪᠠᠨ ᠤᠯᠠᠮ | ᠨᠢᠬᠡ ᠠᠯᠬᠤᠮ ᠴᠢᠩᠭᠠᠳᠬᠠᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠤᠨ | ᠦᠢᠯᠡᠳᠦᠯ ᠢᠶᠠᠨ ᠪᠦᠷᠢᠮᠦᠰᠦᠨ ᠪᠠᠳᠠᠷᠠᠭᠤᠯᠵᠦ᠂ ᠰᠤᠷᠭᠠᠭᠤᠯᠢ᠂ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠢ ᠪᠠ | ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠲᠠᠢ ᠢᠳᠡᠪᠬᠢᠳᠡᠢ ᠬᠠᠮᠵᠢᠯᠴᠠᠵᠦ᠂ ᠪᠠᠶᠠᠯᠢᠭ ᠠᠭᠤᠯᠭ᠎ᠠ ᠲᠠᠢ | ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠬᠦ᠂ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠰᠠᠭᠤᠳᠠᠯ ᠤᠨ ᠬᠤᠷᠠᠯ | ᠡᠷᠬᠢᠯᠡᠬᠦ᠂ ᠰᠠᠶᠢᠨ ᠲᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠵᠤᠬᠢᠶᠠᠨ ᠪᠠᠶᠢᠭᠤᠯᠬᠤ ᠵᠡᠷᠬᠡ ᠠᠷᠭ᠎ᠠ ᠵᠠᠮ ᠢᠶᠠᠷ | ᠦᠷᠬᠡᠨ ᠤᠯᠠᠨ ᠵᠠᠯᠠᠭᠤᠴᠤᠳ ᠪᠠᠭᠠᠴᠤᠳ ᠪᠠ ᠨᠡᠶᠢᠬᠡᠮ ᠤᠨ ᠡᠯ᠎ᠡ ᠡᠳᠡᠭᠡᠳ ᠲᠤ ᠰᠢᠯᠢᠳᠡᠭ ᠰᠤᠷᠭᠠᠨ ᠬᠦᠮᠦᠵᠢᠯ ᠤᠨ | ᠦᠢᠯᠡᠴᠢᠯᠡᠭᠡ ᠬᠠᠨᠭ᠍ᠭᠠᠵᠤ᠂ ᠬᠦᠮᠦᠰ ᠢ ᠤᠳᠤᠷᠢᠳᠤᠨ ᠵᠦᠪ ᠤᠨᠤᠪᠴᠢᠳᠠᠢ ᠲᠡᠤᠬᠡ ᠶᠢᠨ ᠦᠵᠡᠯᠳᠡ᠂ ᠤᠯᠤᠰ ᠤᠨ | ᠦᠵᠡᠯᠳᠡ ᠪᠠ ᠰᠤᠶᠤᠯ ᠤᠨ ᠦᠵᠡᠯᠳᠡ ᠲᠠᠢ ᠪᠤᠯᠭᠠᠵᠦ᠂ ᠦᠨᠳᠦᠰᠦᠳᠡᠨ ᠤ ᠰᠡᠷᠬᠦᠨ ᠮᠠᠨᠳᠤᠯᠳᠠ ᠶᠢᠨ ᠬᠦᠨᠳᠤ | ᠡᠬᠦᠷᠭᠡ ᠶᠢ ᠡᠬᠦᠷᠭᠡᠯᠡᠵᠦ ᠲᠡᠶᠢᠯᠬᠦ ᠴᠠᠭ ᠦᠶ᠎ᠡ ᠶᠢᠨ ᠰᠢᠨ᠎ᠠ ᠬᠦᠮᠦᠨ ᠢ ᠬᠦᠮᠦᠵᠢᠬᠦᠯᠬᠦ ᠳᠤ ᠬᠦᠴᠦᠨ ᠨᠡᠮᠡᠷᠢᠯᠡᠬᠦ ᠪᠠᠷ | ᠴᠢᠷᠮᠠᠶᠢᠵᠦ ᠪᠤᠢ᠃ ︵ᠬᠠᠨ᠎ᠠ︶ | |