| ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠶᠢ ᠬᠦᠨᠵᠡᠬᠡᠢ ᠠᠬᠢᠭᠤᠯᠵᠦ᠂ ᠠᠵᠦ ᠠᠬᠤᠶᠢᠯᠠᠯ ᠤᠨ | ᠠᠵᠢᠯᠴᠢᠨ ᠬᠡᠷᠡᠭᠰᠡᠬᠦ ᠬᠦᠴᠢᠷ ᠠᠰᠠᠭᠤᠳᠠᠯ ᠢ ᠦᠨᠡᠨᠬᠦ ᠰᠶᠢᠳᠪᠦᠷᠢᠯᠡᠨ᠂ ᠬᠦᠳᠡᠯᠮᠦᠴᠢᠯᠡᠭᠴᠢᠳ ᠲᠤ ᠴᠢᠨᠠᠷ ᠰᠠᠶᠢᠳᠠᠢ | ᠠᠵᠢᠯ ᠤᠯᠭᠤᠬᠤ ᠪᠠᠷ ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ | ᠠᠵᠢᠯ ᠤᠯᠭᠤᠯᠳᠠ ᠶᠢᠨ ᠦᠢᠯᠡᠴᠢᠯᠡᠬᠡᠨ ᠤ ᠲᠦᠪ ᠴᠠᠭᠠᠨ ᠰᠠᠷ᠎ᠠ ᠶᠢᠨ ᠲᠠᠷᠠᠭᠠᠬᠢ ᠬᠠᠮᠤᠭ ᠠᠩᠬᠠᠨ ᠤ ︽ᠠᠵᠢᠯ | ᠤᠯᠭᠤᠯᠳᠠ ᠶᠢ ᠠᠬᠢᠭᠤᠯᠬᠤ ᠠᠵᠢᠯᠯᠠᠭ᠎ᠠ ᠶᠢᠨ ᠬᠢᠨᠭ᠍ᠭᠠᠨ ᠠᠶᠢᠮᠠᠭ ᠤᠨ ᠪᠥᠸᠧ ᠶᠤᠸᠠᠨ ᠲᠤᠮᠤ ᠪᠠᠭᠤᠳᠠᠯ ᠤᠨ | ᠬᠢᠵᠠᠭᠠᠷᠳᠤ ᠺᠤᠮᠫᠠᠨᠢ ᠠᠵᠦ ᠠᠬᠤᠶᠢᠯᠠᠯ ᠢᠶᠠᠷ ᠬᠦᠨᠵᠡᠬᠡᠶᠢᠷᠡᠨ ᠰᠢᠭᠤᠳ ᠨᠡᠪᠳᠡᠷᠡᠬᠦᠯᠬᠡ ᠪᠠᠷ ᠠᠵᠢᠯ ᠤᠨ ᠪᠠᠶᠢᠷᠢ ᠶᠢ | ᠲᠠᠶᠢᠴᠢᠯᠠᠬᠤ︾ ᠠᠵᠢᠯᠯᠠᠭ᠎ᠠ ᠦᠷᠨᠢᠬᠦᠯᠵᠡᠢ᠃ ᠲᠤᠬᠠᠢ ᠶᠢᠨ ᠭᠠᠵᠠᠷ ᠢᠶᠠᠷ ᠠᠶᠢᠯᠴᠢᠯᠠᠬᠤ᠂ ᠠᠵᠢᠯ ᠤᠨ ᠪᠠᠶᠢᠷᠢ ᠶᠢ | ᠰᠤᠳᠤᠯᠬᠤ᠂ ᠰᠢᠭᠤᠳ ᠨᠡᠪᠳᠡᠷᠡᠬᠦᠯᠬᠡ ᠪᠠᠷ ᠠᠵᠢᠯ ᠤᠨ ᠪᠠᠶᠢᠷᠢ ᠶᠢ ᠲᠠᠶᠢᠴᠢᠯᠠᠬᠤ ᠵᠡᠷᠭᠡ ᠠᠷᠭ᠎ᠠ ᠪᠠᠷ ᠲᠠᠮᠵᠢᠭᠤᠯᠤᠨ | ᠠᠵᠦ ᠠᠬᠤᠶᠢᠯᠠᠯ ᠪᠤᠯᠤᠨ ᠠᠵᠢᠯ ᠡᠷᠢᠭᠰᠡᠳ ᠤᠨ ᠬᠤᠭᠤᠷᠤᠨᠳᠤ ᠬᠦᠬᠦᠷᠭᠡ ᠶᠢᠨ ᠦᠢᠯᠡᠳᠦᠯ ᠭᠠᠷᠭᠠᠵᠦ᠂ | ᠲᠤᠬᠠᠢ ᠶᠢᠨ ᠭᠠᠵᠠᠷ ᠤᠨ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠲᠤ ᠰᠢᠨ᠎ᠠ ᠠᠮᠢᠵᠢᠷᠠᠯ ᠤᠨ ᠬᠦᠴᠦᠨ ᠤᠯᠭᠤᠵᠦ | ᠪᠠᠶᠢᠨ᠎ᠠ᠃ | ᠲᠤᠰ ᠤᠳᠠᠭᠠᠨ ᠤ ︽ᠠᠵᠦ ᠠᠬᠤᠶᠢᠯᠠᠯ ᠢᠶᠠᠷ ᠬᠦᠨᠵᠡᠬᠡᠶᠢᠷᠡᠨ ᠠᠵᠢᠯ ᠤᠨ ᠪᠠᠶᠢᠷᠢ ᠰᠤᠷᠠᠬᠤ︾ | ᠠᠵᠢᠯᠯᠠᠭ᠎ᠠ ᠳᠤ ᠠᠵᠢᠯᠳᠠᠳ ᠬᠢᠨᠭ᠍ᠭᠠᠨ ᠠᠶᠢᠮᠠᠭ ᠤᠨ ᠪᠥᠸᠧ ᠶᠤᠸᠠᠨ ᠲᠤᠮᠤ ᠪᠠᠭᠤᠳᠠᠯ ᠤᠨ ᠲᠢᠩᠬᠢᠮ᠂ ᠵᠤᠴᠢᠳ ᠤᠨ | ᠦᠷᠦᠬᠡ᠂ ᠬᠤᠭᠤᠯᠠᠨ ᠦᠷᠦᠬᠡ ᠵᠡᠷᠭᠡ ᠪᠠᠷ ᠰᠤᠷᠪᠤᠯᠵᠢᠯᠠᠨ ᠬᠦᠮᠦᠨ ᠬᠡᠷᠡᠭᠰᠡᠬᠦ ᠠᠵᠢᠯ ᠤᠨ ᠪᠠᠶᠢᠷᠢ ᠶᠢ ᠨᠠᠷᠢᠯᠢᠭ | ᠲᠡᠮᠳᠡᠭᠯᠡᠭᠰᠡᠨ ᠪᠦᠭᠡᠳ ︽ᠤᠯᠠᠭᠠᠨᠬᠤᠳᠠ ᠶᠢᠨ ᠠᠵᠢᠯ ᠤᠯᠭᠤᠯᠳᠠ︾ ᠶᠢᠨ ᠴᠤᠤᠷᠢᠶ᠎ᠠ ᠰᠢᠭᠤᠳ ᠨᠡᠪᠳᠡᠷᠡᠬᠦᠯᠬᠡ ᠪᠠᠷ | ᠠᠵᠢᠯ ᠤᠨ ᠪᠠᠶᠢᠷᠢ ᠶᠢ ᠲᠠᠶᠢᠴᠢᠯᠠᠵᠤ᠂ ᠠᠵᠢᠯ ᠤᠨ ᠤᠷᠴᠢᠨ ᠢ ᠤᠯᠠᠨ ᠳᠤ ᠦᠵᠡᠬᠦᠯᠵᠦ᠂ ᠠᠵᠦ ᠠᠬᠤᠶᠢᠯᠠᠯ ᠤᠨ | ᠠᠵᠢᠯᠳᠠᠨ ᠤ ᠶᠠᠪᠤᠳᠠᠯ ᠤᠨ ᠠᠵᠢᠯᠳᠠᠨ ᠢᠶᠠᠷ ᠪᠠᠭᠤᠳᠠᠯ ᠤᠨ ᠬᠠᠮᠢᠶᠠᠷᠦᠯᠳᠠ᠂ ᠵᠤᠴᠢᠨ ᠢ ᠬᠦᠯᠢᠶᠡᠨ ᠤᠭᠳᠤᠬᠤ᠂ | ᠵᠤᠴᠢᠳ ᠤᠨ ᠦᠷᠦᠬᠡ ᠶᠢᠨ ᠦᠢᠯᠡᠴᠢᠯᠡᠭᠡ᠂ ᠢᠳᠡᠬᠡᠨ ᠤᠮᠳᠠᠭᠠᠨ ᠤ ᠦᠢᠯᠡᠴᠢᠯᠡᠭᠡ ᠵᠡᠷᠭᠡ 20 ᠭᠠᠷᠦᠢ ᠠᠵᠢᠯ ᠤᠨ | ᠪᠠᠶᠢᠷᠢ ᠶᠢᠨ ᠱᠠᠭᠠᠷᠳᠠᠯᠭ᠎ᠠ ᠶᠢ ᠳᠠᠨᠢᠯᠴᠠᠭᠤᠯᠵᠤ᠂ ᠰᠢᠭᠤᠳ ᠨᠡᠪᠳᠡᠷᠡᠬᠦᠯᠬᠡ ᠪᠠᠷ ᠠᠵᠢᠯ ᠡᠷᠢᠭᠰᠡᠳ ᠤᠨ | ᠠᠰᠠᠭᠤᠯᠳᠠ ᠳᠤ ᠬᠠᠷᠢᠭᠤᠯᠳᠠ ᠦᠭᠴᠡᠢ᠃ | ᠠᠵᠢᠯᠳᠠᠳ ᠰᠢᠭᠤᠳ ᠨᠡᠪᠳᠡᠷᠡᠬᠦᠯᠬᠡ ᠪᠠᠷ ᠠᠵᠢᠯ ᠡᠷᠢᠭᠰᠡᠳ ᠲᠤ ᠠᠵᠢᠯᠳᠠᠳ ᠤᠨ ᠪᠠᠶᠢᠷᠢ ᠶᠢᠨ ᠭᠡᠷ᠂ | ᠠᠵᠢᠯᠳᠠᠳ ᠤᠨ ᠬᠤᠭᠤᠯᠠᠨ ᠬᠡᠷ ᠵᠢᠴᠢ ᠪᠤᠯᠪᠠᠰᠦᠷᠠᠯ ᠤᠨ ᠦᠷᠦᠬᠡ ᠵᠡᠷᠭᠡ ᠶᠢ ᠦᠵᠡᠬᠦᠯᠵᠦ᠂ ᠨᠡᠶᠢᠳᠡ 3945 | ᠬᠦᠮᠦᠨ ᠤ ᠠᠩᠬᠠᠷᠦᠯ ᠢ ᠲᠠᠳᠠᠵᠠᠢ᠃ ᠠᠵᠢᠯ ᠡᠷᠢᠭᠴᠢ ᠯᠢ ᠤᠪᠤᠬᠳᠤ᠄ ︽ᠪᠢ ᠤᠤᠯ ᠳᠠᠭᠠᠨ ᠲᠤᠮᠤ ᠪᠠᠭᠤᠳᠠᠯ ᠤᠨ | ᠠᠵᠢᠯ ᠤᠨ ᠬᠦᠨᠳᠦᠴᠡ ᠶᠡᠭᠡ ᠬᠡᠵᠦ ᠪᠤᠳᠤᠵᠦ ᠪᠠᠶᠢᠵᠠᠢ᠃ ᠪᠠᠭᠤᠳᠠᠯ ᠤᠨ ᠪᠠᠶᠢᠷᠢ ᠶᠢᠨ ᠭᠡᠷ ᠤᠨ ᠨᠦᠬᠦᠴᠡᠯ | ᠲᠦᠢᠯ ᠤᠨ ᠰᠠᠶᠢᠨ᠂ ᠪᠢ ᠲᠤᠷᠰᠢᠵᠦ ᠦᠵᠡᠬᠦ ᠰᠠᠨᠠᠭᠠᠳᠠᠢ︾ ᠬᠡᠵᠦ ᠰᠢᠭᠤᠳ ᠨᠡᠪᠳᠡᠷᠡᠬᠦᠯᠬᠡ ᠳᠤ ᠦᠬᠡ | ᠦᠯᠡᠳᠡᠭᠡᠵᠡᠢ᠃ | ᠲᠤᠰ ᠤᠳᠠᠭᠠᠨ ᠤ ︽ᠠᠵᠦ ᠠᠬᠤᠶᠢᠯᠠᠯ ᠢᠶᠠᠷ ᠬᠦᠨᠵᠡᠬᠡᠶᠢᠷᠡᠨ ᠠᠵᠢᠯ ᠤᠨ ᠪᠠᠶᠢᠷᠢ ᠰᠤᠷᠠᠬᠤ︾ ᠨᠢ | ᠤᠯᠠᠭᠠᠨᠬᠤᠳᠠ ᠶᠢᠨ ᠠᠵᠢᠯ ᠤᠯᠭᠤᠯᠳᠠ ᠶᠢ ᠠᠬᠢᠭᠤᠯᠬᠤ ᠠᠵᠢᠯ ᠤᠨ ᠠᠷᠭ᠎ᠠ ᠠᠪᠴᠠᠯ ᠤᠨ ᠨᠢᠬᠡ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠤᠯᠭᠤᠯᠳᠠ ᠶᠢᠨ ᠦᠢᠯᠡᠴᠢᠯᠡᠬᠡᠨ ᠤ ᠲᠦᠪ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠶᠢ ᠦᠷᠬᠦᠯᠵᠢᠯᠡᠨ | ᠦᠷᠨᠢᠬᠦᠯᠵᠦ᠂ ᠠᠵᠦ ᠠᠬᠤᠶᠢᠯᠠᠯ ᠤᠨ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠦ᠂ ᠤᠯᠠᠨ ᠲᠦᠮᠡᠨ ᠤ | ᠱᠠᠭᠠᠷᠳᠠᠯᠭ᠎ᠠ ᠪᠠᠷ ᠬᠠᠷᠠᠯᠳᠠ ᠪᠤᠯᠭᠠᠵᠦ᠂ ᠨᠡᠩ ᠤᠯᠠᠨ ᠬᠡᠯᠪᠡᠷᠢ ᠶᠢᠨ ᠠᠵᠢᠯᠳᠠᠨ ᠡᠯᠰᠡᠬᠦ ᠠᠵᠢᠯᠯᠠᠭ᠎ᠠ ᠶᠢ ᠵᠤᠬᠢᠶᠠᠨ | ᠪᠠᠶᠢᠭᠤᠯᠤᠨ᠂ ᠠᠵᠦ ᠠᠬᠤᠶᠢᠯᠠᠯ ᠪᠠ ᠠᠵᠢᠯ ᠡᠷᠢᠭᠰᠡᠳ ᠲᠤ ᠨᠡᠩ ᠤᠨᠤᠴᠠᠳᠠᠢ᠂ ᠪᠦᠳᠦᠮᠵᠢᠳᠡᠢ᠂ ᠲᠦᠬᠦᠮ ᠠᠵᠢᠯ | ᠤᠯᠭᠤᠯᠳᠠ ᠶᠢᠨ ᠦᠢᠯᠡᠴᠢᠯᠡᠭᠡ ᠬᠠᠨᠭ᠍ᠭᠠᠬᠤ ᠪᠤᠯᠤᠨ᠎ᠠ᠃ ︵ᠮᠠ ᠢᠤᠢ ᠰᠢᠶᠠᠩ︶ | |