| ᠮᠡᠳᠡᠭᠡᠵᠢ᠂ ᠬᠠᠪᠤᠷ ᠤᠨ ᠤᠯᠠᠷᠢᠯ ᠪᠣᠯ ᠬᠦᠮᠦᠰ ᠤᠨ ᠪᠡᠶ᠎ᠡ ᠮᠠᠬᠠᠪᠤᠳ ᠢᠶᠠᠨ ᠲᠠᠪᠳᠠᠨ | ᠪᠣᠯᠪᠠᠰᠤᠷᠠᠭᠤᠯᠬᠤ ᠳᠤ ᠬᠠᠮᠤᠭ ᠲᠣᠬᠢᠷᠠᠮᠵᠢᠲᠠᠶ ᠤᠯᠠᠷᠢᠯ ᠮᠦᠨ᠃ ︽ᠵᠢᠯ ᠤᠨ ᠠᠵᠢᠯ ᠬᠠᠪᠤᠷ ᠲᠠᠭᠠᠨ︾ | ᠭᠡᠳᠡᠭ ᠢᠶᠠᠷ ᠬᠠᠪᠤᠷ ᠤᠨ ᠤᠯᠠᠷᠢᠯ ᠳᠤ ᠬᠦᠮᠦᠰ ᠬᠡᠷᠬᠢᠨ ᠪᠡᠶ᠎ᠡ ᠮᠠᠬᠠᠪᠤᠳ ᠢᠶᠠᠨ ᠲᠠᠪᠳᠠᠨ ᠪᠤᠯᠪᠠᠰᠤᠷᠠᠬᠤ ᠲᠦᠯᠦᠪᠯᠡᠭᠡ | ᠬᠢᠪᠡᠯ ᠵᠤᠬᠢᠬᠤ ᠪᠢᠯᠡ︖ | ᠲᠤᠰᠬᠠᠶ ᠮᠡᠷᠭᠡᠵᠢᠯᠲᠡᠨ ᠤ ᠰᠠᠨᠠᠭᠤᠯᠤᠮᠵᠢ ᠶᠢ ᠦᠨᠳᠦᠰᠦᠯᠡᠪᠡᠯ᠂ ᠦᠷᠭᠦᠯᠵᠢ ᠬᠥᠳᠡᠯᠭᠡᠭᠡᠨ ᠬᠢᠳᠡᠭ ᠦᠭᠡᠢ | ᠬᠥᠮᠦᠰ ᠬᠠᠮᠤᠭ ᠰᠠᠶᠢᠨ ᠨᠢ ᠬᠠᠪᠤᠷ ᠠᠴᠠ ᠡᠬᠢᠯᠡᠨ ᠪᠡᠶ᠎ᠡ ᠮᠠᠬᠠᠪᠤᠳ ᠢᠶᠠᠨ ᠲᠠᠪᠳᠠᠨ ᠪᠣᠯᠪᠠᠰᠤᠷᠠᠭᠤᠯᠬᠤ ᠲᠥᠯᠥᠪᠯᠡᠭᠡ | ᠬᠢᠪᠡᠯ ᠵᠦᠢᠲᠠᠢ᠃ ᠤᠴᠢᠷ ᠨᠢ ᠡᠪᠦᠯ ᠠᠭᠤᠷ ᠠᠮᠢᠰᠬᠤᠯ ᠬᠠᠬᠢᠷ ᠬᠦᠢᠲᠡᠨ᠂ ᠢᠳᠡᠭᠡᠨ ᠤ ᠳᠤᠷᠠᠰᠢᠯ ᠰᠠᠶᠢᠨ᠂ | ᠠᠮᠠᠷᠬᠠᠨ ᠮᠠᠷᠢᠶᠠᠯᠠᠳᠠᠭ᠃ ᠬᠠᠪᠤᠷ ᠤᠨ ᠴᠠᠭ ᠠᠭᠠᠷ ᠤᠨ ᠳᠤᠯᠠᠭᠠᠨ ᠲᠣᠬᠢᠷᠠᠮᠵᠢᠲᠠᠶ᠂ ᠤᠯᠠᠨ ᠵᠦᠢᠯ ᠤᠨ ᠭᠡᠷ ᠤᠨ | ᠭᠠᠳᠠᠨᠠᠬᠢ ᠬᠦᠳᠡᠯᠭᠡᠭᠡᠨ ᠠᠴᠠ ᠦᠪᠡᠷ ᠤᠨ ᠪᠡᠶ᠎ᠡ ᠳᠡᠭᠡᠨ ᠲᠤᠬᠢᠷᠠᠭᠰᠠᠨ ᠬᠦᠳᠡᠯᠭᠡᠭᠡᠨ ᠢ ᠰᠤᠩᠭᠤᠨ ᠬᠢᠵᠦ ᠪᠤᠯᠤᠨ᠎ᠠ᠃ | ᠠᠯᠬᠤᠬᠤ ᠪᠣᠯ ᠬᠠᠮᠤᠭ ᠤᠨ ᠠᠮᠤᠷ ᠲᠦᠪᠰᠢᠨ ᠪᠦᠭᠡᠳ ᠬᠠᠮᠤᠭ ᠤᠨ ᠳᠥᠭᠦᠮ ᠬᠦᠴᠢᠯᠲᠥ᠋ᠷᠥᠭᠴᠢᠲᠦ | ᠬᠥᠳᠡᠯᠭᠡᠭᠡᠨ ᠮᠦᠨ᠃ ᠪᠡᠶ᠎ᠡ ᠮᠠᠬᠠᠪᠣᠳ ᠨᠡᠯᠢᠶᠡᠳ ᠰᠠᠶᠢᠨ ᠢᠳᠡᠷ ᠦᠲᠡᠯᠯᠦᠭᠡ ᠨᠠᠰᠤᠨ ᠤ ᠬᠥᠮᠦᠰ ᠪᠠ | ᠵᠠᠯᠠᠭᠤᠴᠤᠳ ᠪᠠᠭᠠᠴᠤᠳ ᠲᠦᠷᠭᠡᠨ ᠠᠯᠬᠤᠬᠤ ᠳᠤ ᠲᠣᠬᠢᠷᠠᠮᠵᠢᠲᠠᠶ᠂ ᠴᠠᠭ ᠲᠤ 5 ~ 6 ᠺᠢᠯᠣᠮᠧᠲᠷ᠂ ᠮᠢᠨᠦ᠋ᠲ | ᠪᠦᠷᠢ ᠪᠠᠷᠤᠭ 120 ᠠᠯᠬᠤᠮ ᠠᠯᠬᠤᠪᠠᠯ ᠪᠡᠶ᠎ᠡ ᠶᠢᠨ ᠥᠭᠡᠬᠦ ᠶᠢ ᠪᠠᠭᠤᠷᠠᠭᠤᠯᠵᠤ᠂ ᠵᠢᠷᠦᠬᠡ ᠲᠠᠷᠢᠬᠢᠨ ᠤ ᠴᠢᠰᠤᠨ | ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠶ | ᠡᠪᠡᠳᠴᠢᠨ ᠡᠭᠦᠰᠭᠦ ᠨᠣᠷᠮ᠎ᠠ ᠶᠢ ᠪᠠᠭᠠᠰᠬᠠᠵᠤ ᠴᠢᠳᠠᠨ᠎ᠠ᠃ ᠲᠠᠮᠢᠷ ᠲᠡᠩᠭᠡᠭᠡ ᠠᠨᠠᠢ ᠨᠠᠰᠤᠲᠠᠶᠢᠴᠤᠳ ᠮᠢᠨᠦ᠋ᠲ ᠪᠦᠷᠢ | 80 ᠠᠯᠬᠤᠮ᠂ ᠴᠠᠭ ᠲᠤ 2 ~ 3 ᠺᠢᠯᠣᠮᠧᠲᠷ ᠠᠯᠬᠤᠪᠠᠯ ᠰᠡᠳᠭᠢᠯ ᠰᠠᠨᠠᠭ᠎ᠠ ᠶᠢ ᠲᠣᠭᠲᠠᠪᠤᠷᠢᠵᠢᠭᠤᠯᠵᠤ᠂ | ᠶᠠᠳᠠᠷᠠᠭ᠎ᠠ ᠶᠢ ᠲᠠᠶᠢᠯᠠᠬᠤ ᠳᠤ ᠲᠤᠰᠠ ᠪᠣᠯᠬᠤ ᠪᠥᠭᠡᠳ ᠬᠤᠳᠣᠭᠤᠳᠤ ᠶᠢ ᠰᠠᠶᠢᠵᠢᠷᠠᠭᠤᠯᠵᠤ ᠰᠢᠩᠭᠡᠭᠡᠯᠲᠡ ᠶᠢ | ᠰᠠᠶᠢᠵᠢᠷᠠᠭᠤᠯᠬᠤ ᠦᠢᠯᠡᠳᠦᠯ ᠲᠠᠢ ᠪᠠᠶᠢᠳᠠᠭ᠃ | ᠠᠭᠠᠵᠢᠮ ᠭᠦᠶᠦᠬᠦ ᠨᠢ ᠬᠦᠴᠢᠯᠲᠥ᠋ᠷᠥᠭᠴᠢ ᠰᠢᠩᠭᠡᠭᠡᠬᠦ ᠬᠡᠮᠵᠢᠶ᠎ᠡ ᠶᠢ ᠨᠡᠮᠡᠭᠳᠡᠭᠦᠯᠵᠦ᠂ ᠴᠢᠰᠤᠨ ᠳᠠᠷᠤᠯᠲᠠ | ᠥᠨᠳᠥᠷᠵᠢᠬᠦ ᠶᠢ ᠪᠠᠭᠤᠷᠠᠭᠤᠯᠤᠨ ᠵᠢᠷᠦᠬᠡᠨ ᠤ ᠠᠵᠢᠯᠯᠠᠭ᠎ᠠ ᠶᠢ ᠰᠠᠶᠢᠵᠢᠷᠠᠭᠤᠯᠤᠨ᠎ᠠ᠃ ᠠᠭᠠᠵᠢᠮ ᠬᠦᠶᠦᠬᠦ ᠬᠦᠮᠦᠰ | ᠪᠣᠯᠪᠠᠰᠤᠷᠠᠯ ᠤᠨ ᠬᠡᠮᠵᠢᠶ᠎ᠡ ᠪᠠᠨ ᠦᠵᠡᠵᠦ ᠪᠠᠶᠢᠭᠠᠳ ᠠᠭᠠᠵᠢᠮ ᠬᠦᠶᠦᠬᠦ ᠴᠠᠭ ᠢᠶᠠᠨ ᠲᠤᠭᠳᠠᠭᠠᠵᠤ ᠪᠤᠯᠤᠨ᠎ᠠ᠃ | ᠠᠩᠬ᠎ᠠ ᠡᠬᠢᠯᠡᠨ ᠪᠤᠯᠪᠠᠰᠤᠷᠠᠵᠦ ᠪᠠᠶᠢᠭ᠎ᠠ ᠬᠥᠮᠥᠨ ᠪᠤᠶᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠨ ᠨᠡᠯᠢᠶᠡᠳ ᠤᠷᠲᠤ | ᠬᠤᠭᠤᠴᠠᠭ᠎ᠠ ᠵᠣᠭᠰᠣᠭᠰᠠᠨ ᠬᠥᠮᠥᠨ ᠳᠤ ᠠᠪᠴᠤ ᠬᠡᠯᠡᠪᠡᠯ ᠡᠬᠢᠯᠡᠬᠦ ᠳᠡᠭᠡᠨ 10 ~15 ᠮᠢᠨᠦ᠋ᠲ ᠠᠴᠠ ᠬᠡᠲᠦᠷᠡᠵᠦ | ᠪᠣᠯᠬᠤ ᠦᠭᠡᠢ᠂ ᠬᠦᠶᠦᠬᠦ ᠳᠤᠮᠳᠠ ᠠᠯᠭᠤᠷ ᠠᠯᠬᠤᠪᠠᠯ ᠰᠠᠶᠢᠨ᠃ ᠠᠭᠠᠵᠢᠮ ᠭᠦᠶᠦᠬᠦ ᠴᠠᠭ ᠢ ᠨᠢᠭᠡ ᠰᠠᠷ᠎ᠠ ᠶᠢᠨ | ᠳᠣᠲᠣᠷ᠎ᠠ ᠠᠭᠠᠵᠢᠮ ᠢᠶᠠᠷ 20 ᠮᠢᠨᠦ᠋ᠲ ᠪᠣᠯᠭᠠᠨ ᠳᠡᠭᠡᠭᠰᠢᠯᠡᠭᠦᠯᠵᠦ ᠪᠣᠯᠣᠨ᠎ᠠ᠃ ᠲᠡᠩᠳᠡᠬᠦᠦ ᠬᠤᠷᠳᠤᠨ ᠬᠦᠶᠦᠵᠦ | ᠪᠣᠯᠬᠤ ᠦᠭᠡᠢ᠃ ᠠᠭᠠᠵᠢᠮ ᠭᠦᠶᠦᠬᠦ ᠬᠥᠳᠡᠯᠭᠡᠭᠡᠨ ᠤ ᠵᠠᠩᠭᠢᠯᠠᠭ᠎ᠠ ᠨᠢ ᠪᠠᠷᠢᠮᠲᠠᠯᠠᠬᠤ ᠳᠤ ᠪᠤᠶ᠂ ᠳᠤᠮᠳᠠᠴᠢ ᠪᠠᠷ ᠨᠢᠭᠡ | ᠭᠠᠷᠠᠭ ᠲᠤ 3 ᠤᠳᠠᠭ᠎ᠠ ᠪᠣᠯᠪᠠᠰᠤᠷᠠᠪᠡᠯ ᠲᠤᠬᠢᠷᠠᠮᠵᠢᠲᠠᠢ᠃ | ᠣᠶ ᠰᠢᠭᠤᠶ᠂ ᠴᠡᠴᠡᠷᠯᠢᠭ ᠤᠨ ᠠᠭᠠᠷ ᠴᠡᠪᠡᠷ ᠲᠤᠩᠭᠠᠯᠠᠭ᠂ ᠬᠠᠪᠤᠷ ᠤᠨ ᠤᠯᠠᠷᠢᠯ ᠳᠤ ᠪᠣᠯᠪᠠᠰᠤᠷᠠᠯ ᠬᠢᠪᠡᠯ | ᠨᠠᠩ ᠣᠯᠠᠨ ᠬᠦᠴᠢᠯᠲᠥ᠋ᠷᠥᠭᠴᠢ ᠪᠠ ᠪᠢᠯᠢᠭ ᠢᠶᠣᠨ ᠢ ᠠᠮᠢᠰᠬᠤᠵᠦ᠂ ᠪᠡᠶ᠎ᠡ ᠮᠠᠬᠠᠪᠣᠳ ᠤᠨ ᠰᠢᠨ᠎ᠡ ᠬᠠᠭᠤᠴᠢᠨ ᠤ | ᠰᠣᠯᠢᠯᠴᠠᠭ᠎ᠠ ᠶᠢ ᠰᠠᠶᠢᠵᠢᠷᠠᠭᠤᠯᠤᠨ᠎ᠠ᠃ ᠬᠠᠪᠤᠷ ᠤᠨ ᠨᠡᠷᠡᠨ ᠤ ᠬᠦᠷᠢᠨ ᠤ ᠭᠠᠳᠠᠨᠠᠬᠢ ᠲᠤᠶᠠᠭ᠎ᠠ ᠪᠠᠺᠲ᠋ᠧᠷᠢ ᠠᠯᠠᠬᠤ | ᠴᠢᠳᠠᠮᠵᠢ ᠲᠠᠢ ᠪᠠᠶᠢᠵᠤ ᠬᠥᠮᠦᠨ ᠤ ᠪᠡᠶ᠎ᠡ ᠶᠢᠨ ᠸᠢᠲ᠋ᠠᠮᠢᠨ D ᠪᠦᠷᠢᠯᠳᠦᠬᠦ ᠶᠢ ᠠᠬᠢᠭᠤᠯᠵᠤ᠂ ᠵᠠᠯᠠᠭᠤᠴᠤᠳ | ᠪᠠᠭᠠᠴᠤᠳ ᠤᠨ ᠠᠷᠤᠭ ᠶᠠᠰᠤᠨ ᠤ ᠪᠤᠶᠢᠵᠢᠯᠲᠠ ᠳᠤ ᠠᠰᠢᠭᠲᠠᠶ ᠪᠠᠶᠢᠳᠠᠭ᠃ ᠡᠶᠢᠮᠦ ᠠᠴᠠ ᠴᠡᠴᠡᠷᠯᠢᠭ ᠲᠤ ᠴᠠᠭᠠᠰᠤᠨ | ᠰᠢᠪᠠᠭᠤ ᠨᠢᠰᠭᠡᠬᠦ ᠶᠢ ᠰᠤᠩᠭᠤᠵᠦ ᠪᠤᠯᠤᠨ᠎ᠠ᠃ ᠴᠠᠭᠠᠰᠤᠨ ᠰᠢᠪᠠᠭᠤ ᠨᠢᠰᠭᠡᠬᠦ ᠦᠶ᠎ᠡ ᠶᠢᠨ ᠭᠦᠶᠦᠬᠦ᠂ ᠲᠠᠲᠠᠬᠤ ᠪᠠ | ᠡᠵᠡᠮᠳᠡᠬᠦ ᠨᠢ ᠪᠡᠶ᠎ᠡ ᠶᠢᠨ ᠳᠥᠷᠪᠡᠨ ᠮᠥᠴᠢ᠂ ᠶᠡᠭᠡ ᠲᠠᠷᠢᠬᠢ ᠪᠠ ᠨᠢᠳᠦᠨ ᠤ ᠵᠣᠬᠢᠴᠠᠯᠳᠤᠯ ᠢ ᠠᠬᠢᠭᠤᠯᠳᠠᠭ᠃ | ᠬᠦᠵᠦᠭᠦᠦ ᠭᠡᠳᠡᠶᠢᠬᠦ ᠨᠢ ᠬᠦᠵᠦᠭᠦᠦ ᠰᠡᠭᠡᠷ᠂ ᠪᠠᠭᠠᠨ᠎ᠠ ᠨᠢᠷᠤᠭᠤᠨ ᠤ ᠪᠤᠯᠴᠢᠩ ᠤᠨ ᠲᠡᠯᠡᠬᠦ ᠬᠦᠴᠦᠨ ᠢ | ᠪᠠᠲᠤᠯᠠᠬᠤ ᠳᠤ ᠬᠠᠪᠰᠤᠷᠤᠮᠵᠢ ᠪᠣᠯᠵᠤ᠂ ᠬᠦᠵᠦᠭᠦᠦ ᠰᠢᠯᠢ ᠶᠢᠨ ᠬᠡᠰᠡᠭ ᠤᠨ ᠪᠤᠯᠴᠢᠩ ᠢ ᠰᠤᠯᠠᠷᠠᠭᠤᠯᠵᠤ᠂ ᠬᠡᠰᠡᠭ | ᠭᠠᠵᠠᠷ ᠤᠨ ᠴᠢᠰᠤᠨ ᠤ ᠡᠷᠭᠢᠯᠲᠡ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ ᠡᠭᠦᠨ ᠠᠴᠠ ᠭᠠᠳᠠᠨ᠎ᠠ ᠪᠠᠰᠠ | ᠳᠤᠭᠤᠶ ᠤᠨᠤᠬᠤ ᠪᠠ ᠠᠭᠤᠯᠠ ᠠᠪᠠᠷᠢᠬᠤ ᠪᠣᠯ ᠨᠢᠭᠡ ᠵᠦᠢᠯ ᠤᠨ ᠲᠦᠢᠯ ᠤᠨ ᠰᠠᠶᠢᠨ ᠬᠦᠴᠢᠯᠲᠥ᠋ᠷᠥᠭᠴᠢᠲᠦ | ᠬᠥᠳᠡᠯᠭᠡᠭᠡᠨ ᠪᠣᠯᠤᠨ᠎ᠠ ᠁ | ᠬᠠᠪᠤᠷ ᠤᠨ ᠤᠯᠠᠷᠢᠯ ᠳᠤ ᠲᠤᠬᠢᠷᠠᠬᠤ ᠪᠡᠶ᠎ᠡ ᠶᠢᠨ ᠲᠠᠮᠢᠷ ᠤᠨ ᠬᠦᠳᠡᠯᠭᠡᠭᠡᠨ ᠣᠯᠠᠨ ᠪᠤᠢ ᠴᠦ ᠥᠪᠡᠷ ᠤᠨ | ᠡᠷᠡᠭᠦᠯ ᠮᠡᠨᠳᠦ ᠶᠢᠨ ᠪᠠᠶᠢᠳᠠᠯ ᠪᠠ ᠬᠡᠷᠡᠭᠴᠡᠭᠡ ᠪᠠᠨ ᠦᠨᠳᠦᠰᠦᠯᠡᠨ ᠬᠠᠮᠤᠭ ᠤᠨ ᠲᠤᠬᠢᠷᠠᠮᠵᠢᠲᠠᠢ ᠬᠦᠳᠡᠯᠭᠡᠭᠡᠨ ᠢ | ᠰᠤᠩᠭᠤᠵᠦ᠂ ᠬᠥᠳᠡᠯᠭᠡᠭᠡᠨ ᠤ ᠬᠠᠷᠠᠯᠲᠠ ᠪᠠᠨ ᠲᠣᠭᠲᠠᠭᠠᠨ ᠠᠮᠤᠷ ᠲᠦᠪᠰᠢᠨ ᠢ ᠠᠩᠬᠠᠷᠬᠤ ᠨᠢ ᠬᠠᠮᠤᠭ ᠤᠨ | ᠴᠢᠬᠤᠯᠠ ᠪᠢᠯᠡ᠃ | ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ | ᠰᠢᠯᠵᠢᠬᠦᠯᠪᠡ︶ |