| ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠰᠢᠨᠴᠧᠩ ᠵᠡᠬᠡᠯᠢ ᠶᠢᠨ ᠮᠠᠨᠳᠠ ᠨᠡᠶᠢᠬᠡᠮ ᠲᠤᠭᠤᠷᠢᠭ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ︽ᠲᠠᠪᠦᠨ ᠨᠢᠬᠡ︾ | ᠤᠯᠠᠨ ᠲᠦᠮᠡᠨᠴᠢ ᠠᠵᠢᠯ ᠤᠨ ᠠᠷᠭ᠎ᠠ ᠳᠤ ᠠᠩᠬᠠᠷᠦᠯ ᠢᠶᠠᠨ ᠲᠦᠪᠯᠡᠷᠡᠬᠦᠯᠦᠨ᠂ ᠤᠯᠠᠨ ᠲᠦᠮᠡᠨ ᠤ ᠱᠠᠭᠠᠷᠳᠠᠯᠭ᠎ᠠ ᠪᠠᠷ | ᠤᠳᠤᠷᠢᠳᠤᠮᠵᠢ ᠪᠤᠯᠭᠠᠵᠦ᠂ ᠬᠠᠮᠳᠤᠪᠡᠷ ᠰᠤᠷᠤᠯᠴᠠᠬᠤ ᠶᠢ ᠬᠦᠳᠦᠯᠦᠨ ᠵᠢᠯᠤᠭᠤᠳᠬᠤ᠂ ᠰᠤᠶᠤᠯ ᠢ ᠬᠠᠮᠳᠤᠪᠡᠷ ᠡᠳ᠋ᠯᠡᠬᠦ | ᠵᠡᠷᠭᠡ ᠲᠠᠯ᠎ᠠ ᠠᠴᠠ ᠭᠠᠷᠳᠠᠵᠦ᠂ ︽ᠲᠡᠷᠬᠡᠳᠡᠬᠢ ᠬᠦᠮᠦᠨ ᠳᠤ ᠲᠤᠰᠠ ᠬᠢᠬᠦ︾ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ | ᠠᠵᠢᠯᠯᠠᠭ᠎ᠠ ᠳᠤ᠂ ᠤᠬᠠᠭᠤᠯᠤᠬᠴᠢ ᠰᠠᠭᠤᠭᠠᠯᠢ ᠠᠷᠠᠳ ᠤᠨ ᠬᠠᠯᠠᠮᠵᠢᠯᠠᠵᠦ ᠪᠠᠶᠢᠭ᠎ᠠ ᠠᠷᠠᠳ ᠤᠨ | ᠠᠮᠢᠳᠦᠷᠠᠯ ᠤᠨ ᠠᠰᠠᠭᠤᠳᠠᠯ ᠠᠴᠠ ᠭᠠᠷᠳᠠᠵᠦ᠂ ᠠᠮᠢᠳᠤᠯᠢᠭ ᠬᠡᠷᠡᠭ ᠤᠨ ᠵᠢᠱᠢᠶ᠎ᠡ ᠪᠠ ᠪᠤᠳᠠᠳᠠᠢ ᠲᠤᠭ᠎ᠠ ᠪᠠᠷᠢᠮᠳᠠ ᠪᠠᠷ | ᠤᠯᠠᠨ ᠲᠦᠮᠡᠨ ᠳᠤ ᠬᠠᠮᠤᠭ ᠲᠤᠤᠷ᠎ᠠ ᠠᠮᠢᠳᠦᠷᠠᠯ ᠤᠨ ᠪᠠᠳᠦᠯᠠᠭ᠎ᠠ᠂ ᠰᠠᠭᠤᠭᠠᠯᠢ ᠠᠷᠠᠳ ᠤᠨ ᠬᠤᠳᠠ ᠪᠠᠯᠭᠠᠰᠦ ᠶᠢᠨ | ᠨᠠᠰᠦᠵᠢᠯ ᠤᠨ ᠠᠰᠠᠷᠠᠮᠵᠢ ᠶᠢᠨ ᠲᠠᠭᠠᠳᠬᠠᠯ᠂ ᠬᠤᠶᠠᠷ ᠬᠡᠤᠬᠡᠳ ᠭᠤᠷᠪᠠᠨ ᠬᠡᠤᠬᠡᠳ ᠦᠰᠬᠡᠬᠦ ᠨᠦᠬᠦᠪᠦᠷᠢ ᠶᠢ ᠨᠢᠬᠡᠯᠡ | ᠤᠳᠠᠭ᠎ᠠ ᠳᠤ ᠭᠤᠶᠤᠴᠢᠯᠠᠬᠤ ᠵᠡᠷᠭᠡ ᠠᠷᠠᠳ ᠲᠤ ᠠᠰᠢᠭ ᠬᠦᠷᠳᠡᠬᠡᠬᠦ ᠲᠦᠷᠦ ᠶᠢᠨ ᠪᠤᠳᠤᠯᠭ᠎ᠠ ᠶᠢ ᠨᠠᠷᠢᠯᠢᠭ | ᠲᠠᠶᠢᠯᠪᠦᠷᠢᠯᠠᠵᠦ ᠦᠭᠴᠡᠢ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠰᠠᠭᠤᠭᠠᠯᠢ ᠠᠷᠠᠳ ᠤᠨ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠶᠢ ᠤᠶᠢᠯᠠᠭᠠᠬᠤ ᠨᠤᠷᠮ᠎ᠠ ᠶᠢ ᠲᠡᠭᠡᠭᠰᠢᠯᠡᠬᠦᠯᠵᠡᠢ᠃ ᠲᠠᠷᠠᠭᠠᠴᠢ ᠪᠠᠷ᠂ ᠰᠢᠨᠴᠧᠩ | ᠵᠡᠬᠡᠯᠢ ᠶᠢᠨ ᠮᠠᠨᠳᠠ ᠨᠡᠶᠢᠬᠡᠮ ᠲᠤᠭᠤᠷᠢᠭ ︽ᠲᠡᠷᠭᠡᠳᠡᠬᠢ ᠬᠦᠮᠦᠨ ᠳᠤ ᠲᠤᠰᠠ ᠬᠢᠬᠦ︾ ᠤᠬᠠᠭᠤᠯᠭ᠎ᠠ ᠶᠢᠨ | ᠠᠩᠬᠢ ᠶᠢᠨ ᠦᠢᠯᠡᠳᠦᠯ ᠢ ᠦᠷᠬᠦᠯᠵᠢᠯᠡᠨ ᠪᠠᠳᠠᠷᠠᠭᠤᠯᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠲᠤᠬᠳᠠᠬᠰᠠᠨ ᠬᠤᠭᠤᠴᠠᠭ᠎ᠠ ᠲᠠᠢ ᠦᠷᠨᠢᠬᠦᠯᠵᠦ᠂ ᠠᠷᠠᠳ ᠲᠤ ᠠᠰᠢᠭ ᠬᠦᠷᠳᠡᠬᠡᠬᠦ ᠲᠦᠷᠦ ᠶᠢᠨ | ᠪᠤᠳᠤᠯᠭ᠎ᠠ ᠶᠢ ᠬᠦᠮᠦᠨ ᠪᠦᠬᠦᠨ ᠳᠤ ᠮᠡᠳᠡᠬᠦᠯᠬᠦ ᠪᠠᠷ ᠢᠳᠡᠬᠡᠯ ᠲᠡᠬᠦᠯᠳᠡᠷ ᠠᠵᠢᠯᠯᠠᠵᠦ ᠪᠤᠢ᠃ ᠯᠢ ᠯᠢᠶᠠᠩ ᠮᠡᠳᠡᠬᠡᠯᠡᠪᠡ | | | | |