ᠬᠢᠩᠭᠠᠨ ᠠᠶᠢᠮᠠᠭ ᠤᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/2/20
        2 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠤᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠧᠩ ᠠᠶ ᠰᠢᠶᠠ ᠶᠠᠷᠢᠶ᠎ᠠ ᠲᠠᠯᠪᠢᠵᠤ᠂ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠧᠩ ᠲᠢᠶᠠᠨ ᠯᠢᠶᠠᠩ ᠬᠤᠷᠠᠯ ᠢ ᠡᠷᠭᠢᠯᠡᠭᠰᠡᠨ ᠪᠥᠭᠡᠳ ᠠᠵᠢᠯ ᠢᠶᠠᠨ ᠳ᠋ᠦᠩᠨᠡᠨ ᠪᠠᠶᠢᠷᠢᠯᠠᠭᠤᠯᠵᠤ᠂ ᠠᠶᠢᠮᠠᠭ ᠤᠨ ᠤᠳᠤᠷᠢᠳᠤᠯᠭ᠎ᠠ ᠯᠢ ᠰᠢᠶᠤᠤ ᠭᠤᠸᠠᠩ᠂ ᠶᠠᠩ ᠶᠦᠩ ᠵᠢᠦ᠂ ᠴᠧᠨ ᠳ᠋ᠦᠩ ᠬᠤᠷᠠᠯ ᠳᠤ ᠣᠷᠣᠯᠴᠠᠵᠠᠶ᠃ 6 ᠬᠤᠰᠢᠭᠤ ᠰᠢᠶᠠᠨ ᠬᠤᠳᠠ ᠪᠣᠯᠤᠨ ᠬᠢᠩᠭᠠᠨ ᠠᠳᠠᠷ ᠬᠠᠭᠠᠯᠪᠤᠷᠢᠯᠠᠯᠲᠠ ᠶᠢᠨ ᠪᠦᠯᠦᠭᠯᠡᠯ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃        ᠬᠤᠷᠠᠯ ᠠᠴᠠ ᠴᠢᠩᠭᠠᠳᠬᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠡᠭ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠢ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠶᠠᠰᠤ ᠴᠢᠨᠠᠷ ᠰᠠᠶᠢᠳᠠᠢ ᠲᠠᠷᠢᠶᠠᠯᠠᠩ ᠮᠠᠯ ᠠᠵᠤ ᠠᠬᠤᠢ᠂ ᠨᠡᠷᠡᠳᠦ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ ᠭᠡᠪᠡ᠃         ᠬᠤᠷᠠᠯ ᠠᠴᠠ ᠱᠠᠭᠠᠷᠳᠠᠬᠰᠠᠨ ᠨᠢ᠂ ᠭᠠᠷᠳᠠᠴᠠ ᠪᠠᠨ ᠣᠯᠵᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠬᠦᠴᠦᠯᠡᠨ ᠨᠡᠮᠡᠭᠳᠡᠭᠦᠯᠵᠥ ᠬᠢᠩᠭᠠᠨ ᠠᠶᠢᠮᠠᠭ ᠤᠨ ᠤᠨᠴᠠᠯᠢᠬᠳᠤ ᠠᠵᠢᠯ ᠦᠢᠯᠡᠰ ᠪᠤᠰᠬᠠᠬᠤ ᠳᠤ ᠳᠤᠬᠢᠷᠠᠮᠵᠢᠳᠠᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠬᠡᠷᠡᠭᠲᠡᠢ᠃ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠨ᠂ ᠪᠣᠳᠠᠲᠤ ᠦᠷ᠎ᠡ ᠪᠦᠲᠦᠮᠵᠢ ᠪᠠᠷ ᠢᠶᠠᠨ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠯᠠᠬᠤ ᠮᠠᠯᠵᠢᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠲᠥᠯᠬᠢᠨ ᠠᠬᠢᠭᠤᠯᠬᠤ ᠬᠡᠷᠡᠭᠲᠡᠶ ᠭᠡᠵᠡᠢ᠃ ︵ᠨᠢᠩᠵᠢᠨ ᠯᠢᠦ ᠶᠧ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号