| — ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠳᠤᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠪᠴᠢᠶᠠᠨ ᠳᠠᠷᠤᠭ᠎ᠠ ᠸᠠᠩ ᠬᠠᠢ ᠵᠢᠩ ᠢ ᠰᠤᠷᠪᠤᠯᠵᠢᠯᠠᠭᠰᠠᠨ ᠨᠢ | 2024 ᠣᠨ ᠳᠤ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠳᠤ | ︽ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠬᠤ︾ ᠰᠠᠶᠢᠨ ᠰᠠᠶᠢᠬᠠᠨ ᠪᠠᠶᠢᠳᠠᠯ | ᠢᠯᠡᠷᠡᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠴᠠ ᠲᠠᠢ ᠪᠣᠯᠵᠠᠢ᠃ ᠪᠥᠬᠦ ᠠᠶᠢᠮᠠᠭ ᠤᠨ | 124 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ 378.3 | ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 8 | ᠳ᠋ᠤᠭᠠᠷ ᠲᠤ ᠵᠢᠭᠰᠠᠭᠠᠭᠳᠠᠵᠠᠶ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 61 | ᠭᠤᠤᠯᠳᠠᠯᠭ᠎ᠠ ᠲᠠᠢ ᠲᠥᠷᠥᠯ ᠵᠦᠢᠯ᠂ ᠬᠤᠸᠠ ᠨᠧᠩ 7 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ | ᠰᠢᠦᠸᠠᠨ ᠡᠤ ᠶᠠᠨ ᠤ ᠨᠡᠶᠢᠯᠡᠮᠡᠯ ᠮᠠᠲ᠋ᠧᠷᠢᠶᠠᠯ ᠤᠨ 27 ᠲᠥᠷᠥᠯ ᠵᠦᠢᠯ ᠢ ᠲᠤᠷᠰᠢᠨ ᠦᠢᠯᠡᠳᠪᠦᠷᠢᠯᠡᠬᠦ ᠶᠢ | ᠬᠡᠷᠡᠭᠵᠢᠭᠦᠯᠵᠦ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | | 2025 ᠣᠨ ᠳᠤ᠂ ᠬᠢᠩᠭᠠᠨ ᠠᠶᠢᠮᠠᠭ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠶᠢᠨ | ᠬᠠᠷᠠᠯᠲᠠ ᠶᠢ 7% ᠣᠷᠴᠢᠮ ᠲᠣᠭᠲᠠᠭᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 400 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠴᠢᠬᠤᠯᠠ ᠶᠡᠭᠡ ᠲᠥᠷᠥᠯ ᠵᠦᠢᠯ ᠢ | ᠲᠥᠯᠥᠪᠵᠢᠭᠦᠯᠬᠦ ᠠᠵᠢᠯᠯᠠᠭ᠎ᠠ ᠶᠢᠨ ᠲᠠᠯ᠎ᠠ ᠪᠠᠷ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠤᠭᠤᠴᠠᠭ᠎ᠠ ᠪᠠ ᠥᠪᠡᠷᠲᠡᠭᠡᠨ ᠵᠠᠰᠠᠬᠤ ᠣᠷᠣᠨ ᠠᠴᠠ ᠬᠢᠩᠭᠠᠨ ᠠᠶᠢᠮᠠᠭ ᠢ | ᠤᠰᠤᠲᠥ᠋ᠷᠥᠭᠴᠢ ᠰᠢᠪᠲᠦᠷᠲᠦ ᠠᠯᠺᠣᠣᠯ ᠤᠨ ᠰᠠᠭᠤᠷᠢᠨ ᠭᠠᠵᠠᠷ ᠪᠣᠯᠭᠠᠬᠤ ᠪᠠᠷ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠨᠢᠭᠡ ᠪᠦᠯᠦᠭ ᠴᠢᠨᠠᠷ ᠰᠠᠶᠢᠲᠠᠶ ᠴᠢᠬᠤᠯᠠ ᠶᠡᠭᠡ ᠲᠥᠷᠥᠯ | ᠵᠦᠢᠯ ᠢ ᠣᠷᠣᠭᠤᠯᠤᠨ ᠠᠪᠴᠢᠷᠠᠵᠦ᠂ ᠪᠥᠬᠦ ᠵᠢᠯ ᠳᠤ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ 70 ᠬᠡᠷᠡᠭᠵᠢᠭᠦᠯᠬᠦ ᠪᠠᠷ ᠲᠥᠯᠥᠪᠯᠡᠵᠦ᠂ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠪᠠᠷ ᠨᠡᠮᠡᠭᠳᠡᠭᠦᠯᠦᠨ᠎ᠡ᠃ ᠠᠵᠤ | ᠠᠬᠤᠶᠢᠯᠠᠯ ᠢ ᠬᠠᠪᠰᠤᠷᠬᠤ ᠠᠵᠢᠯᠯᠠᠭ᠎ᠠ ᠶᠢᠨ ᠲᠠᠯ᠎ᠠ ᠪᠠᠷ᠂ ᠠᠵᠤ ᠦᠢᠯᠡᠳᠪᠦᠷᠢ ᠶᠢᠨ ᠠᠵᠢᠯᠯᠠᠭᠠᠨ ᠢ ᠬᠢᠨᠠᠨ ᠬᠡᠮᠵᠢᠵᠦ | ᠲᠣᠬᠢᠷᠠᠭᠤᠯᠬᠤ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠦᠢᠯᠡᠳᠪᠦᠷᠢᠯᠡᠯ | ᠡᠵᠡᠩᠨᠡᠯᠲᠡ ᠶᠢᠨ ᠳᠤᠮᠳᠠᠬᠢ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠦᠢᠯᠡᠳᠪᠦᠷᠢᠯᠡᠬᠦ ᠴᠢᠳᠠᠪᠤᠷᠢ ᠶᠢ ᠨᠢ | ᠪᠦᠲᠦᠮᠵᠢᠲᠡᠶ ᠪᠠᠷ ᠪᠠᠳᠠᠷᠠᠭᠤᠯᠵᠤ᠂ ᠠᠵᠤ ᠠᠬᠤᠶᠢᠯᠠᠯ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠠᠯ᠎ᠠ ᠪᠠᠷ᠂ ᠴᠠᠭᠠᠨ ᠢᠳᠡᠭᠡᠨ ᠦᠢᠯᠡᠳᠬᠦ᠂ ᠴᠡᠪᠡᠷ ᠡᠨᠧᠷᠭᠢ | ᠵᠡᠷᠭᠡ ᠭᠤᠤᠯᠳᠠᠯᠭ᠎ᠠ ᠲᠠᠢ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠵᠦ᠂ 600 ᠬᠥᠮᠦᠨ ᠳᠤ ᠰᠢᠨ᠎ᠡ ᠪᠠᠷ | ᠠᠵᠢᠯ ᠣᠯᠭᠤᠬᠤ ᠶᠢ ᠪᠡᠶᠡᠯᠡᠭᠦᠯᠦᠨ᠎ᠡ᠃ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠢᠯᠴᠢ ᠴᠠᠬᠢᠯᠭᠠᠨ᠂ | ᠪᠣᠯᠣᠳ ᠲᠡᠮᠦᠷ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠢ ᠭᠥᠳᠤᠯᠤᠨ ᠵᠢᠯᠤᠭᠤᠳᠴᠥ ᠪᠠᠶᠢᠭᠠᠳ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠨ᠎ᠠ᠃ ᠤᠯᠠᠭᠠᠨᠬᠤᠳᠠ ᠪᠣᠯᠣᠳ ᠲᠡᠮᠦᠷ᠂ ᠮᠧᠩ ᠨᠧᠩ ᠵᠡᠷᠭᠡ | ᠠᠵᠤ ᠠᠬᠤᠶᠢᠯᠠᠯ ᠤᠨ ᠤᠰᠤ ᠶᠢ ᠡᠭᠡᠭᠦᠯᠦᠨ ᠬᠡᠷᠡᠭᠯᠡᠬᠦ ᠶᠢ ᠵᠣᠷᠢᠭᠵᠢᠭᠤᠯᠤᠨ᠂ ᠪᠣᠬᠢᠷᠲᠤᠯ ᠥᠬᠡᠶ ᠦᠢᠯᠡᠳᠪᠤᠷᠢᠯᠡᠬᠦ | ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠠᠵᠤ | ᠠᠬᠤᠶᠢᠯᠠᠯ ᠪᠠ ᠤᠰᠤ ᠠᠷᠪᠢᠯᠠᠬᠤ ᠬᠡᠪ ᠳᠠᠭᠤᠷᠢᠶᠠᠯ ᠪᠦᠬᠦᠢ ᠠᠵᠤ ᠠᠬᠤᠶᠢᠯᠠᠯ ᠢ ᠬᠦᠴᠦᠯᠡᠨ ᠡᠭᠦᠳᠦᠨ | ᠪᠠᠶᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ | ᠪᠣᠬᠢᠷᠲᠤᠯ ᠥᠬᠡᠶ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠬᠦᠭᠵᠢᠭᠦᠯᠵᠦ᠂ ᠨᠠᠩ ᠣᠯᠠᠨ ᠳᠡᠭᠡᠳᠦ | ᠲᠠᠰ ᠤᠨ ᠲᠣᠨᠤᠭ ᠲᠥᠬᠦᠭᠡᠷᠦᠮᠵᠢ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠤᠯᠤᠰ ᠤᠨ | ᠲᠠᠰ ᠤᠨ ᠨᠡᠭᠡᠭᠡᠨ ᠬᠥᠭᠵᠢᠭᠦᠯᠬᠦ ᠣᠷᠣᠨ ᠲᠠᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠠᠵᠤ ᠠᠬᠤᠶᠢᠯᠠᠯᠲᠠᠨ ᠤ | ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠵᠠᠭᠪᠤᠷ ᠢ ᠰᠦᠪᠡᠭᠴᠢᠯᠡᠨ ᠡᠭᠦᠳᠴᠦ᠂ | ᠠᠵᠤ ᠠᠬᠤᠶᠢᠯᠠᠯᠲᠠᠨ ᠤ ︽ᠲᠤᠰᠬᠠᠢ ᠨᠠᠷᠢᠯᠢᠭ ᠣᠨᠴᠠᠭᠠᠢ ᠰᠢᠨ᠎ᠡ︾ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ | ᠲᠠᠯ᠎ᠠ ᠪᠠᠷ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ︽ᠠᠵᠤ ᠠᠬᠤᠶᠢᠯᠠᠯᠲᠠᠨ ᠤ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠤᠨ᠎ᠠ᠃ · ᠯᠢ ᠵᠢᠶᠠᠨ ᠫᠢᠩ · | | | | |