| 2 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠬᠠᠮᠲᠤ ᠳᠤᠨᠢ ᠤᠷᠤᠭ ᠤᠨ ᠪᠠᠳᠤᠯᠠᠪᠤᠷᠢ | ᠣᠯᠭᠤᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠵᠤ᠂ 54 ᠬᠤᠣᠰ ᠵᠠᠯᠠᠭᠤ | ᠤᠷᠤᠬ ᠬᠤᠷᠢᠮ ᠤᠨ ᠳᠠᠩᠰᠠᠯᠠᠯᠳᠠ ᠶᠢᠨ ᠭᠠᠵᠠᠷ ᠠᠴᠠ ᠬᠠᠮᠳᠤ ᠪᠠᠷ ᠤᠷᠤᠭ ᠤᠨ ᠪᠠᠳᠤᠯᠠᠪᠤᠷᠢ ᠪᠠᠨ ᠭᠠᠷᠳᠠᠵᠠᠢ᠃ | ︽ᠥᠨᠥᠳᠦᠷ ᠤᠨ ᠠᠵᠢᠯᠯᠠᠭ᠎ᠠ ᠮᠠᠰᠢ ᠤᠳᠭ᠎ᠠ ᠠᠭᠤᠯᠭ᠎ᠠ ᠲᠠᠢ᠂ ᠭᠡᠷ ᠪᠦᠯᠢ ᠶᠢᠨ ᠵᠣᠯ ᠵᠢᠷᠭᠠᠯ ᠢ ᠵᠣᠭᠤᠰ | ᠮᠥᠩᠭᠦ ᠪᠠᠷ ᠬᠡᠮᠵᠢᠳᠡᠭ ᠪᠢᠰᠢ᠂ ᠬᠠᠷᠢᠨ ᠬᠤᠶᠠᠭᠤᠯᠠ ᠪᠠᠨ ᠦᠨᠡᠨ ᠰᠡᠳᠭᠢᠯ ᠠᠴᠠ ᠪᠠᠨ ᠬᠠᠷᠢᠯᠴᠠᠨ ᠬᠠᠶᠢᠷᠠᠯᠠᠨ | ᠤᠶᠢᠯᠭᠠᠯᠴᠠᠬᠤ ᠳᠤ ᠪᠤᠢ᠂ ᠪᠢᠳᠡ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠳᠠᠮᠵᠢᠭᠤᠯᠤᠨ ᠳᠡᠷᠭᠡᠳᠡᠬᠢ | ᠬᠥᠮᠦᠰ ᠲᠡᠭᠡᠨ ᠦᠯᠢᠭᠡᠷ ᠳᠠᠭᠤᠷᠢᠶᠠᠯ ᠦᠵᠡᠭᠦᠯᠦᠨ᠎ᠠ︾ ᠭᠡᠵᠦ ᠠᠵᠢᠯᠯᠠᠭ᠎ᠠ ᠳᠤ ᠣᠷᠣᠯᠴᠠᠭᠰᠠᠨ ᠪᠠᠢ ᠶᠢᠨ ᠬᠤᠢ | ᠬᠡᠯᠡᠪᠡ᠃ | ᠬᠢᠩᠭᠠᠨ ᠠᠶᠢᠮᠠᠭ ᠤᠷᠤᠭ ᠤᠨ ᠪᠠᠳᠤᠯᠠᠪᠤᠷᠢ ᠶᠢᠨ ᠭᠠᠷᠳᠠᠮ ᠭᠦᠢᠴᠡᠳᠭᠡᠬᠦ ᠭᠡᠵᠤ ᠪᠠᠶᠢᠭ᠎ᠠ ᠰᠢᠨ᠎ᠠ | ᠵᠠᠯᠠᠭᠤᠴᠤᠳ ᠤᠨ ᠤᠷᠤᠭ ᠬᠤᠷᠢᠮ ᠤᠨ ᠵᠠᠩ ᠦᠢᠯᠡ ᠶᠢᠨ ᠦᠭᠡᠷᠡᠴᠢᠯᠡᠯᠳᠡ ᠶᠢᠨ ᠳᠤᠬᠠᠢ ᠬᠥᠮᠦᠵᠢᠯ ᠢ ᠰᠠᠶᠢᠲᠤᠷ | ᠬᠢᠵᠦ᠂ ᠤᠯᠠᠨ ᠲᠦᠮᠡᠨ ᠳᠤ ᠥᠨᠳᠥᠷ ᠦᠨ᠎ᠡ ᠲᠠᠢ ᠪᠡᠯᠡᠭ ᠡᠪᠬᠤ ᠠᠴᠠ ᠪᠣᠯᠤᠭᠰᠠᠨ ᠬᠤᠣᠷ ᠬᠥᠨᠥᠭᠡᠯ ᠢ ᠲᠣᠳᠣᠷᠬᠠᠶ | ᠶᠠᠷᠢᠵᠤ ᠦᠭᠭᠦᠨ᠂ ᠵᠠᠯᠠᠭᠤᠴᠤᠳ ᠲᠤ ᠵᠥᠪ ᠬᠠᠶᠢᠷ᠎ᠠ ᠳᠤᠷᠠᠯᠠᠯ ᠤᠨ ᠦᠵᠡᠯᠲᠡ᠂ ᠤᠷᠤᠬ ᠬᠤᠷᠢᠮ ᠤᠨ | ᠦᠵᠡᠯᠲᠡ ᠶᠢᠨ ᠬᠦᠮᠤᠵᠢᠯ ᠬᠢᠵᠠᠢ᠃ ᠪᠦᠷᠢᠳᠭᠡᠯ ᠢ ᠦᠨᠳᠦᠰᠦᠯᠡᠪᠡᠯ᠂ ᠵᠢᠯ ᠤᠨ ᠡᠬᠢᠨ ᠠᠴᠠ ᠨᠠᠭᠠᠰᠢ ᠬᠢᠩᠭᠠᠨ | ᠠᠶᠢᠮᠠᠭ ᠤᠨ ᠤᠷᠤᠭ ᠤᠨ ᠪᠠᠳᠤᠯᠠᠪᠤᠷᠢ ᠠᠪᠬᠤ ᠪᠠᠷ ᠢᠷᠡᠭᠰᠡᠨ ᠵᠠᠯᠠᠭᠤ ᠬᠤᠤᠰ ᠤᠨ 81% ᠨᠢ ᠤᠷᠤᠬ | ᠬᠤᠷᠢᠮ ᠤᠨ ᠵᠠᠩ ᠥᠢᠯᠠ ᠶᠢᠨ ᠥᠭᠡᠷᠡᠴᠢᠯᠡᠯᠲᠡ ᠶᠢᠨ ᠠᠮᠠᠯᠠᠯᠲᠠ ᠶᠢᠨ ᠪᠢᠴᠢᠭ ᠲᠤ ᠰᠠᠨᠠᠭᠠᠴᠢᠯᠠᠭ᠎ᠠ ᠠᠴᠠ ᠪᠠᠨ | ᠭᠠᠷ ᠤᠨ ᠥᠰᠥᠭ ᠵᠢᠷᠤᠪᠠ᠃ | ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠤᠷᠤᠭ ᠬᠤᠷᠢᠮ ᠤᠨ ᠵᠠᠩ ᠦᠢᠯᠡ ᠶᠢᠨ | ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠬᠤ᠂ | ᠤᠷᠤᠭ ᠬᠤᠷᠢᠮ ᠤᠨ ᠵᠠᠩ ᠦᠢᠯᠠ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠠᠵᠢᠯ ᠢᠶᠠᠷ ᠳᠠᠮᠵᠢᠨ᠂ | ᠨᠡᠶᠢᠭᠡᠮ ᠤᠨ ᠡᠯ᠎ᠡ ᠡᠲᠡᠭᠡᠳ ᠢ ᠥᠷᠭᠡᠨ ᠢᠶᠠᠷ ᠬᠥᠲᠥᠯᠦᠨ ᠵᠢᠯᠣᠭᠤᠳᠴᠤ ᠪᠠᠶᠢᠭᠠᠳ ᠤᠷᠤᠭ ᠬᠤᠷᠢᠮ ᠤᠨ ᠵᠠᠩ | ᠦᠢᠯᠡ ᠶᠢᠨ ᠥᠭᠡᠷᠡᠴᠢᠯᠡᠯᠲᠡ ᠶᠢᠨ ᠠᠵᠢᠯ ᠢ ᠳᠡᠮᠵᠢᠬᠦ ᠶᠢᠨ ᠬᠠᠮᠲᠤ᠂ ᠥᠨᠳᠥᠷ ᠦᠨ᠎ᠡ ᠲᠠᠢ ᠪᠡᠯᠡᠭ ᠠᠪᠬᠤ᠂ | ᠶᠡᠭᠡ ᠪᠠᠷ ᠪᠠᠵᠠᠭᠠᠵᠤ ᠶᠡᠭᠡ ᠪᠠᠷ ᠬᠢᠬᠦ᠂ ᠠᠳᠠᠯᠢᠳᠬᠠᠨ ᠪᠦᠷᠢᠯᠭᠡᠨ ᠰᠦᠢᠳᠭᠡᠬᠦ᠂ ᠪᠣᠯᠬᠢ ᠪᠦᠳᠦᠭᠦᠯᠢᠭ ᠣᠷᠤᠭ | ᠬᠤᠷᠢᠮ ᠤᠨ ᠵᠠᠩ ᠦᠢᠯᠡ ᠵᠡᠷᠭᠡ ᠪᠠᠶᠢᠳᠠᠯ ᠢ ᠨᠠᠩ ᠪᠦᠲᠦᠮᠵᠢᠲᠡᠶ ᠬᠤᠷᠢᠭᠯᠠᠵᠤ᠂ ᠤᠷᠤᠭ ᠬᠤᠷᠢᠮ ᠤᠨ ᠵᠠᠩ | ᠦᠢᠯᠡ ᠶᠢᠨ ᠥᠭᠡᠷᠡᠴᠢᠯᠡᠯᠲᠡ ᠶᠢᠨ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ | ︽ᠥᠨᠥᠳᠦᠷ 54 ᠬᠤᠤᠰ ᠵᠠᠯᠠᠭᠤ ᠶᠢᠨ ᠬᠠᠮᠳᠤ ᠳᠤᠨᠢ ᠤᠷᠤᠭ ᠤᠨ ᠪᠠᠳᠤᠯᠠᠪᠤᠷᠢ ᠣᠯᠭᠤᠬᠤ | ᠠᠵᠢᠯᠯᠠᠭ᠎ᠠ ᠪᠠᠷ ᠳᠠᠮᠵᠢᠭᠤᠯᠤᠨ ᠰᠢᠨ᠎ᠡ ᠨᠢᠭᠡ ᠦᠶ᠎ᠡ ᠶᠢᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ | ᠵᠥᠪ ᠬᠠᠶᠢᠷ᠎ᠠ ᠳᠤᠷᠠᠯᠠᠯ ᠤᠨ ᠦᠵᠡᠯᠲᠡ᠂ ᠤᠷᠤᠭ ᠬᠤᠷᠢᠮ ᠤᠨ ᠦᠵᠡᠯᠲᠡ ᠶᠢ ᠪᠤᠶ ᠪᠣᠯᠭᠠᠵᠤ᠂ ᠪᠣᠯᠪᠠᠰᠤᠨ᠂ | ᠠᠷᠪᠢᠴᠢ ᠭᠠᠮᠲᠠᠶ ᠤᠷᠤᠭ ᠬᠤᠷᠢᠮ ᠤᠨ ᠵᠠᠩ ᠥᠢᠯᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠠᠢ︾ ᠭᠡᠵᠦ | ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠸᠠᠩ ᠱᠦ ᠮᠧᠶ ᠬᠡᠯᠡᠵᠦ ᠪᠠᠶᠢᠯ᠎ᠠ᠃ ᠳᠡᠷᠡ ᠵᠠᠯᠭᠠᠭᠠᠳ᠄ ︽ᠪᠢᠳᠡ ᠣᠷᠤᠭ ᠬᠤᠷᠢᠮ ᠤᠨ ᠵᠠᠩ | ᠦᠢᠯᠡ ᠶᠢᠨ ᠥᠭᠡᠷᠡᠴᠢᠯᠡᠯᠲᠡ ᠶᠢᠨ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠢᠯᠠᠩᠭᠤᠶ᠎ᠠ ᠮᠠᠯᠵᠢᠬᠤ | ᠲᠠᠷᠢᠶᠠᠯᠠᠬᠤ ᠣᠷᠣᠨ ᠳᠤ ᠴᠢᠭᠯᠡᠭᠦᠯᠦᠨ᠂ ᠣᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠶᠢᠨ ᠵᠢᠱᠢᠶ᠎ᠡ | ᠦᠵᠡᠭᠦᠯᠬᠦ ᠲᠣᠰᠬᠤᠨ ᠪᠠᠶᠢᠭᠤᠯᠵᠤ᠂ ᠨᠠᠮ ᠤᠨ ᠭᠡᠰᠢᠭᠦᠨ ᠲᠦᠷᠦᠭᠦᠯᠡᠨ ᠦᠯᠢᠭᠡᠷ ᠳᠠᠭᠤᠷᠢᠶᠠᠯ ᠦᠵᠡᠬᠦᠯᠦᠨ᠂ | ᠲᠣᠰᠬᠤᠨ ᠤ ᠠᠷᠠᠳ ᠢ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠪᠥᠬᠦ ᠠᠶᠢᠮᠠᠭ ᠤᠨ ᠡᠯ᠎ᠡ | ᠱᠠᠲᠤᠨ ᠤ ᠣᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠤᠨ᠎ᠠ︾ ᠭᠡᠪᠡ᠃ ︵ᠤᠭ᠍ᠶᠦ︶ | | | | | |