ᠬᠢᠩᠭᠠᠨ ᠠᠶᠢᠮᠠᠭ ᠤᠨ ᠠᠵᠢᠯᠴᠢᠨ ᠤ ᠡᠪᠯᠡᠯ ᠨᠡᠶᠢᠳᠠ ᠶᠢᠨ ᠠᠰᠠᠷᠠᠮᠵᠢ ᠶᠢᠨ ᠬᠠᠥᠯᠢ ᠴᠠᠭᠠᠵᠠ ᠶᠢᠨ ᠦᠢᠯᠡᠴᠢᠯᠡᠭᠡ ᠬᠦᠷᠳᠡᠭᠡᠬᠦ ᠠᠵᠢᠯᠯᠠᠭ᠎ᠠ ᠦᠷᠨᠢᠬᠦᠯᠵᠠᠢ
ᠨᠡᠶᠢᠲᠡᠯᠡᠭᠰᠡᠨ ᠴᠠᠭ᠄
2025/2/20
        ᠰᠤᠷᠪᠤᠯᠵᠢᠯᠠᠭᠴᠢ ᠴᠤᠯᠮᠤᠨ        ᠤᠶᠢᠷ᠎ᠠ ᠶᠢᠨ ᠡᠳᠤᠷ᠂ 2025 ᠤᠨ ᠤ ᠬᠢᠩᠭᠠᠨ ᠠᠶᠢᠮᠠᠭ ᠤᠨ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠵᠢᠴᠢ ︽ᠬᠠᠪᠤᠷ ᠤᠨ ᠤᠷᠠᠢ︾ ᠠᠵᠢᠯᠯᠠᠭᠠᠨ ᠤ ᠲᠤᠮᠤ ᠬᠡᠯᠪᠡᠷᠢ ᠶᠢᠨ ᠠᠵᠢᠯᠳᠠᠨ ᠡᠯᠰᠡᠬᠦ ᠬᠤᠷᠠᠯ ᠳᠡᠭᠡᠷ᠎ᠠ᠂ ᠬᠢᠩᠭᠠᠨ ᠠᠶᠢᠮᠠᠭ ᠤᠨ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠬᠰᠠᠨ ᠨᠡᠶᠢᠳᠠ ᠶᠢᠨ ᠠᠰᠠᠷᠠᠮᠵᠢ ᠶᠢᠨ ᠬᠠᠥᠯᠢ ᠴᠠᠭᠠᠵᠠ ᠶᠢᠨ ᠦᠢᠯᠡᠴᠢᠯᠡᠭᠡ ᠨᠢ ᠠᠵᠢᠯ ᠡᠷᠢᠭᠰᠡᠳ ᠤᠨ ᠡᠷᠬᠡ ᠠᠰᠢᠭ ᠢᠶᠠᠨ ᠬᠠᠮᠠᠭᠠᠯᠠᠬᠤ ᠲᠠᠨᠢᠯᠳᠠ ᠶᠢ ᠨᠢ ᠦᠨᠡᠨᠬᠦ ᠲᠡᠭᠡᠭᠰᠢᠯᠡᠬᠦᠯᠪᠡ᠃        ᠲᠤᠬᠠᠢ ᠶᠢᠨ ᠲᠠᠯᠠᠪᠠᠢ ᠳᠤ ᠠᠵᠢᠯᠴᠢᠨ ᠤ ᠡᠪᠯᠡᠯ ᠤᠨ ᠰᠠᠶᠢᠨ ᠲᠤᠷᠠᠴᠤᠤᠯ ᠠᠴᠠ ᠠᠰᠠᠭᠤᠨ ᠰᠤᠷᠠᠬᠤ ᠲᠠᠪᠴᠠᠩ ᠲᠤᠬᠢᠷᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠠᠵᠢᠯ ᠡᠷᠢᠭᠰᠡᠳ ᠲᠤ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠤᠷᠢ ᠶᠢᠨ ᠬᠠᠥᠯᠢ︾ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠤᠷᠢ ᠶᠢᠨ ᠭᠡᠷ᠎ᠠ ᠶᠢᠨ ᠬᠠᠥᠯᠢ︾ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠥᠯᠢ︾ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠷᠠᠳ ᠤᠨ ᠢᠷᠭᠡᠨ ᠤ ᠬᠠᠥᠯᠢ ᠶᠢᠨ ᠪᠢᠴᠢᠭ︾ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠨ ᠬᠠᠥᠯᠢ︾ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠤᠷᠢ ᠶᠢᠨ ᠬᠠᠥᠯᠢ ᠴᠠᠭᠠᠵᠠ ᠶᠢᠨ ᠬᠢᠨᠠᠯᠳᠠ ᠲᠠᠯᠪᠢᠬᠤ ᠲᠦᠷᠢᠮ︾ ᠵᠠᠷᠭᠡ ᠬᠠᠥᠯᠢ ᠴᠠᠭᠠᠵᠠ ᠬᠠᠥᠯᠢ ᠲᠦᠷᠢᠮ ᠢ ᠲᠦᠭᠡᠮᠡᠯᠵᠢᠬᠦᠯᠪᠡ᠃ ᠠᠵᠢᠯ ᠡᠷᠢᠭᠰᠡᠳ ᠤᠨ ᠲᠤᠷᠰᠢᠨ ᠬᠡᠷᠡᠭᠯᠡᠬᠦ ᠬᠤᠭᠤᠴᠠᠭᠠᠨ ᠤ ᠡᠷᠬᠡ ᠠᠰᠢᠭ ᠤᠨ ᠪᠠᠳᠤᠯᠠᠭ᠎ᠠ᠂ ᠬᠦᠳᠡᠯᠮᠤᠷᠢ ᠶᠢᠨ ᠭᠡᠷ᠎ᠠ ᠲᠤᠭᠳᠠᠬᠤ᠂ ᠠᠵᠢᠯ ᠠᠴᠠ ᠪᠤᠯᠤᠭᠰᠠᠨ ᠭᠡᠮᠳᠤᠯ ᠤᠨ ᠵᠦᠷᠢᠴᠠᠯ ᠵᠢᠭᠤᠷᠠᠯᠳᠤᠭᠠᠨ ᠤ ᠡᠷᠬᠡ ᠠᠰᠢᠭ ᠢ ᠬᠠᠮᠠᠭᠠᠯᠠᠬᠤ᠂ ᠴᠠᠯᠢᠩ ᠤᠯᠭᠤᠮᠵᠢ ᠶᠢ ᠨᠢ ᠦᠷᠢᠳᠤᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠨᠠᠷᠢᠨ ᠨᠢᠭᠳᠠ ᠲᠠᠶᠢᠯᠪᠤᠷᠢᠯᠠᠯᠳᠠ ᠬᠢᠭᠰᠡᠨ ᠤ ᠬᠠᠮᠳᠤ ᠠᠵᠢᠯ ᠡᠷᠢᠭᠰᠡᠳ ᠲᠤ ᠬᠠᠥᠯᠢ ᠴᠠᠭᠠᠵᠠ ᠶᠢᠨ ᠬᠠᠪᠰᠤᠷᠤᠯᠭ᠎ᠠ ᠦᠵᠡᠭᠦᠯᠬᠦ ᠵᠡᠷᠭᠡ ᠦᠢᠯᠡᠴᠢᠯᠡᠭᠡ ᠬᠠᠩᠭᠠᠪᠠ᠃ ᠡᠬᠦᠨ ᠤ ᠬᠠᠮᠳᠤ᠂ ᠠᠵᠢᠯᠴᠢᠨ ᠤ ᠡᠪᠯᠡᠯ ᠠᠴᠠ ᠠᠵᠤ ᠠᠬᠤᠶᠢᠯᠠᠯ ᠳᠤ ᠬᠠᠥᠯᠢ ᠴᠠᠭᠠᠵᠠ ᠪᠠᠷ ᠠᠵᠢᠯᠴᠢᠨ ᠡᠯᠰᠡᠬᠦ ᠴᠢᠬᠤᠯᠠ ᠴᠢᠨᠠᠷ ᠢ ᠤᠬᠠᠭᠤᠯᠵᠤ᠂ ᠠᠵᠤ ᠠᠬᠤᠶᠢᠯᠠᠯ ᠤᠨ ᠠᠵᠢᠯᠳᠠᠨ ᠡᠯᠰᠡᠬᠦ ᠦᠢᠯᠠ ᠠᠵᠢᠯᠯᠠᠭ᠎ᠠ ᠪᠠᠨ ᠲᠦᠷᠢᠮᠵᠢᠬᠦᠯᠤᠨ᠂ ᠬᠦᠳᠡᠯᠮᠤᠷᠢ ᠶᠢᠨ ᠵᠦᠷᠢᠴᠠᠯ ᠵᠢᠭᠤᠷᠠᠯᠳᠤᠭᠠᠨ ᠡᠬᠦᠰᠬᠦ ᠠᠴᠠ ᠵᠠᠶᠢᠯᠠᠰᠬᠢᠬᠤ ᠶᠢ ᠲᠠᠶᠢᠴᠢᠯᠠᠪᠠ᠃        ᠬᠢᠩᠭᠠᠨ ᠠᠶᠢᠮᠠᠭ ᠤᠨ ᠠᠵᠢᠯᠴᠢᠨ ᠤ ᠡᠪᠯᠡᠯ ᠠᠴᠠ ᠬᠦᠳᠡᠯᠮᠤᠷᠢᠴᠢᠳ ᠤᠨ ᠱᠠᠭᠠᠷᠳᠠᠯᠭ᠎ᠠ ᠶᠢ ᠦᠷᠬᠦᠯᠵᠢᠯᠡᠨ ᠠᠩᠬᠠᠷᠴᠤ᠂ ᠨᠡᠩ ᠤᠯᠠᠨ ᠬᠡᠯᠪᠡᠷᠢ᠂ ᠡᠯᠪᠡᠭ ᠪᠠᠶᠠᠯᠢᠭ ᠠᠭᠤᠯᠭ᠎ᠠ ᠪᠦᠬᠦᠢ ᠨᠡᠶᠢᠳᠠ ᠶᠢᠨ ᠠᠰᠠᠷᠠᠮᠵᠢ ᠶᠢᠨ ᠬᠠᠥᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠵᠤ᠂ ᠬᠠᠥᠯᠢ ᠴᠠᠭᠠᠵᠠ ᠶᠢᠨ ᠦᠢᠯᠡᠴᠢᠯᠡᠭᠡᠨ ᠤ ᠪᠦᠷᠬᠦᠴᠠ ᠶᠢᠨ ᠬᠡᠪᠴᠢᠶ᠎ᠠ ᠪᠠ ᠨᠦᠯᠤᠭᠡᠯᠡᠯ ᠤᠨ ᠬᠦᠴᠤᠨ ᠢ ᠤᠯᠠᠮ ᠨᠢᠭᠡ ᠠᠯᠬᠤᠮ ᠦᠷᠭᠡᠳᠭᠡᠨ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠰᠢᠯᠢᠳᠡᠭᠵᠢᠬᠦᠯᠬᠦ ᠳᠤ ᠬᠦᠴᠤᠨ ᠨᠡᠮᠡᠷᠢᠯᠡᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号