ᠬᠢᠨᠭ᠍ᠭᠠᠨ ᠠᠶᠢᠮᠠᠭ ᠤᠨ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠪᠠᠶᠢᠴᠠᠭᠠᠨ ᠬᠠᠮᠢᠶᠠᠷᠬᠤ ᠬᠦᠴᠦᠨ ᠢᠶᠠᠨ ᠴᠢᠩᠭᠠᠷᠠᠭᠤᠯᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠬᠢᠯᠳᠠ ᠦᠭᠴᠦ ᠪᠤᠢ
ᠨᠡᠶᠢᠲᠡᠯᠡᠭᠰᠡᠨ ᠴᠠᠭ᠄
2025/2/20
        ᠣᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ᠂ ᠬᠢᠨᠭ᠍ᠭᠠᠨ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠬᠦᠷᠢᠶ᠎ᠠ ᠴᠠᠷᠠᠭ᠎ᠠ ᠳᠠᠬᠢ ᠪᠠᠶᠢᠴᠠᠭᠠᠨ ᠬᠠᠮᠢᠶᠠᠷᠬᠤ ᠬᠦᠴᠦᠨ ᠢᠶᠠᠨ ᠴᠢᠩᠭᠠᠷᠠᠭᠤᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃        ᠤᠶᠢᠷ᠎ᠠ ᠶᠢᠨ ᠡᠳᠦᠷ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠡᠯ᠎ᠡ ᠬᠤᠰᠢᠭᠤ ᠰᠢᠶᠠᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠡᠯ᠎ᠡ ᠲᠣᠮᠣ ᠴᠢᠯᠤᠭᠡᠳᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮ ᠤᠨ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠵᠦ᠂ ᠢᠳᠡᠭᠡᠨ ᠤᠮᠳᠠᠭᠠᠨ ᠤ ᠵᠦᠢᠯ ᠤᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠢᠳᠡᠭᠡᠨ ᠤ ᠱᠣᠰᠢᠭ᠎ᠠ ᠨᠢ ᠵᠢᠷᠤᠮᠵᠢᠭᠰᠠᠨ ᠡᠰᠡᠬᠦ ᠵᠢᠴᠢ ᠢᠳᠡᠭᠡᠨ ᠤ ᠵᠦᠢᠯ ᠤᠨ ᠬᠠᠳᠠᠭᠠᠯᠠᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠬᠡᠮᠵᠢᠶ᠎ᠡ ᠪᠠᠷ ᠶᠡᠭᠡ ᠮᠢᠬᠠᠨ ᠤ ᠲᠥᠷᠥᠯ᠂ ᠢᠳᠡᠰᠢᠨ ᠨᠣᠭᠤᠭ᠎ᠠ᠂ ᠵᠢᠮᠢᠰ᠂ ᠪᠣᠭᠤᠷᠰᠤᠭ ᠵᠡᠷᠭᠡ ᠢᠳᠡᠭᠡᠨ ᠳᠤ ᠴᠢᠭᠯᠡᠭᠦᠯᠦᠨ᠂ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠡᠭᠦᠨ ᠠᠴᠠ ᠭᠠᠳᠠᠨ᠎ᠠ ᠂ ᠪᠠᠰᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠠᠵᠠᠷ ᠲᠤ ᠴᠢᠭᠯᠡᠭᠦᠯᠦᠨ ᠭᠤᠤᠯᠳᠠᠯᠭ᠎ᠠ ᠲᠠᠢ ᠪᠠᠶᠢᠴᠠᠭᠠᠯᠲᠠ ᠬᠢᠵᠡᠶ᠃        ᠡᠮ ᠤᠨ ᠵᠦᠢᠯᠡᠰ ᠢ ᠪᠠᠶᠢᠴᠠᠭᠠᠬᠤ ᠶᠠᠪᠤᠴᠠ ᠳᠤ᠂ ᠪᠠᠶᠢᠴᠠᠭᠠᠯᠳᠠ ᠶᠢᠨ ᠠᠵᠢᠯᠲᠠᠳ ᠡᠮ ᠤᠨ ᠵᠦᠢᠯᠡᠰ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠬᠥᠮᠥᠷᠭᠡ ᠶᠢᠨ ᠬᠠᠳᠠᠭᠠᠯᠠᠯᠲᠠ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠠᠴᠠ ᠬᠡᠲᠦᠷᠡᠭᠰᠡᠨ ᠡᠮ ᠤᠨ ᠵᠦᠢᠯᠡᠰ ᠣᠷᠣᠰᠢᠵᠤ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠨᠢᠮᠪᠠᠶ ᠬᠠᠷᠭᠤᠭᠤᠯᠵᠤ᠂ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠡᠵᠡᠩᠨᠡᠯᠲᠡ ᠶᠢᠨ ᠬᠢᠷᠢ ᠬᠡᠮ᠂ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠤ ᠪᠠᠶᠢᠬᠤ ᠪᠠᠶᠢᠳᠠᠯ ᠢ ᠴᠢᠩᠭ᠎ᠠ ᠪᠠᠶᠢᠴᠠᠭᠠᠵᠤ᠂ ᠡᠮ ᠤᠨ ᠳᠡᠯᠭᠡᠭᠦᠷ ᠢ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠵᠢᠷᠤᠮᠵᠢᠯ ᠢ ᠴᠢᠩᠭ᠎ᠠ ᠵᠢᠷᠤᠮᠯᠠᠨ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃        ᠡᠪᠦᠯ ᠤᠨ ᠤᠯᠠᠷᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ 10 ᠭᠠᠷᠤᠶ ᠤᠳᠠᠭ᠎ᠠ ᠬᠠᠮᠲᠤᠷᠠᠭᠰᠠᠨ ᠪᠠᠶᠢᠴᠠᠭᠠᠯᠲᠠ ᠬᠢᠵᠦ᠂ 50 ᠴᠠᠭᠳᠠᠭ᠎ᠠ ᠬᠥᠳᠡᠯᠭᠡᠵᠦ᠂ ᠡᠯ᠎ᠡ ᠲᠥᠷᠥᠯ ᠤᠨ ᠢᠳᠡᠭᠡᠨ ᠤ ᠵᠦᠢᠯ ᠤᠨ ᠡᠵᠡᠩᠨᠡᠯᠲᠡ ᠶᠢᠨ ᠨᠢᠭᠡᠴᠢ ᠶᠢ 150 ᠰᠢᠬᠠᠮ ᠤᠳᠠᠭ᠎ᠠ ᠪᠠᠶᠢᠴᠠᠭᠠᠵᠤ᠂ ᠬᠡᠰᠡᠭ ᠢᠳᠡᠭᠡᠨ ᠤ ᠵᠦᠢᠯ ᠤᠨ ᠡᠵᠡᠩᠨᠡᠯᠲᠡ ᠶᠢᠨ ᠨᠢᠭᠡᠴᠢ ᠳᠤ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠠᠮᠢᠶ᠎ᠠ ᠪᠥᠬᠦᠶ ᠡᠵᠡᠩᠨᠡᠯᠲᠡ ᠶᠢᠨ ᠲᠠᠯᠠᠪᠤᠷ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃        ᠴᠠᠭᠠᠨ ᠰᠠᠷ᠎ᠠ ᠶᠢᠨ ᠠᠷᠪᠠᠨ ᠳᠠᠪᠤᠨ ᠤ ᠦᠯᠵᠠᠶᠢᠳᠦ ᠡᠳᠦᠷ ᠠᠴᠠ ᠡᠮᠦᠨᠡᠭᠡᠨ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠨᠠᠪᠴᠢᠨ ᠲᠠᠮᠠᠬᠢ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠠᠷᠢᠬᠢ ᠲᠠᠮᠠᠬᠢ ᠪᠣᠷᠣᠯᠠᠭᠤᠯᠬᠤ ᠵᠠᠬ᠎ᠠ ᠳᠡᠯᠭᠡᠭᠦᠷ ᠲᠤ ᠲᠤᠰᠬᠠᠶ ᠪᠠᠶᠢᠴᠠᠭᠠᠯᠲᠠ ᠬᠢᠵᠦ᠂ ᠠᠷᠢᠬᠢ ᠲᠠᠮᠠᠬᠢ ᠡᠵᠡᠩᠨᠡᠬᠦ ᠡᠷᠦᠬᠡ ᠶᠢᠨ ᠡᠵᠡᠩᠨᠡᠯᠲᠡ ᠶᠢᠨ ᠦᠨᠡᠮᠯᠡᠯ᠂ ᠨᠠᠪᠴᠢᠨ ᠲᠠᠮᠠᠬᠢ ᠬᠤᠳᠠᠯᠳᠤᠬᠤ ᠲᠤᠰᠬᠠᠶ ᠵᠥᠪᠰᠢᠶᠡᠷᠡᠯ ᠤᠨ ᠦᠨᠡᠮᠯᠡᠯ ᠵᠡᠷᠭᠡ ᠬᠠᠮᠢᠶ᠎ᠠ ᠪᠦᠬᠦᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃        ᠪᠠᠶᠢᠴᠠᠭᠠᠯᠳᠠ ᠶᠢᠨ ᠠᠵᠢᠯᠲᠠᠳ ᠡᠯ᠎ᠡ ᠲᠥᠷᠥᠯ ᠤᠨ ᠠᠷᠢᠬᠢ ᠲᠠᠮᠠᠬᠢ ᠶᠢ ᠨᠠᠷᠢᠨ ᠨᠢᠮᠪᠠᠶ ᠢᠯᠭᠠᠨ ᠳᠣᠲᠣᠯᠠᠬᠤ ᠶᠢᠨ ᠬᠠᠮᠲᠤ᠂ ᠡᠵᠡᠩᠨᠡᠯᠲᠡ ᠶᠢᠨ ᠡᠷᠦᠬᠡ ᠳᠤ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠤᠬᠠᠭᠤᠯᠵᠤ᠂ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠬᠠᠤᠯᠢ ᠴᠠᠭᠠᠵᠠ ᠶᠢᠨ ᠦᠷ᠎ᠡ ᠳ᠋ᠦᠩ ᠢ ᠴᠢᠬᠤᠯᠠᠴᠢᠯᠠᠵᠤ᠂ ᠲᠡᠳᠡᠨ ᠢ ᠤᠬᠠᠮᠰᠠᠷ ᠠᠴᠠ ᠪᠠᠨ ᠬᠠᠤᠯᠢ ᠴᠠᠭᠠᠵᠠ ᠲᠦᠷᠢᠮ ᠲᠣᠭᠲᠠᠭᠠᠯ ᠢ ᠵᠢᠷᠤᠮᠯᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠱᠠᠭᠠᠷᠳᠠᠪᠠ᠃ ᠡᠪᠦᠯ ᠤᠨ ᠤᠯᠠᠷᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ ᠠᠮᠢ ᠠᠬᠤᠢ ᠤᠷᠴᠢᠨ ᠳᠤᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠠᠷᠢᠬᠢ ᠲᠠᠮᠠᠬᠢ ᠡᠵᠡᠩᠨᠡᠬᠦ 100 ᠡᠷᠦᠬᠡ ᠶᠢ ᠪᠠᠶᠢᠴᠠᠭᠠᠵᠤ᠂ ᠬᠠᠭᠤᠷᠮᠠᠭ ᠮᠠᠭᠤ ᠲᠠᠸᠠᠷ ᠪᠣᠷᠣᠯᠠᠭᠤᠯᠵᠦ ᠪᠠᠶᠢᠭ᠎ᠠ ᠶᠢ ᠨᠢᠭᠡᠨᠲᠡ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃        ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠰᠢᠭᠤᠳ ᠬᠤᠯᠪᠣᠭᠳᠠᠬᠤ ᠶᠤᠮ᠃ ᠪᠥᠬᠦ ᠠᠶᠢᠮᠠᠭ ᠤᠨ ᠠᠮᠢ ᠠᠬᠤᠢ ᠣᠷᠴᠢᠨ ᠳᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠰᠠᠯᠠᠭ᠎ᠠ ᠮᠥᠴᠢᠷ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠬᠠᠮᠲᠤᠷᠠᠨ ᠬᠤᠸᠠᠷ ᠫᠤᠤᠵᠢᠩ ᠤᠨ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠴᠡᠭ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠡᠶ᠃ ᠬᠤᠸᠠᠷ ᠫᠤᠤᠵᠢᠩ ᠤᠨ ᠬᠠᠳᠠᠭᠠᠯᠠᠬᠤ ᠨᠥᠬᠦᠴᠡᠯ ᠨᠢ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠬᠡᠮᠵᠢᠶ᠎ᠡ ᠠᠴᠠ ᠬᠡᠲᠦᠷᠡᠭᠦᠯᠦᠨ ᠬᠠᠳᠠᠭᠠᠯᠠᠭᠰᠠᠨ᠂ ᠲᠣᠭᠲᠠᠭᠠᠯ ᠠᠴᠠ ᠵᠥᠷᠢᠴᠡᠨ ᠪᠣᠷᠣᠯᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃        ᠪᠠᠶᠢᠴᠠᠭᠠᠯᠳᠠ ᠶᠢᠨ ᠠᠵᠢᠯᠲᠠᠨ ᠡᠯ᠎ᠡ ᠡᠵᠡᠩᠨᠡᠯᠲᠡ ᠶᠢᠨ ᠨᠢᠭᠡᠴᠢ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠥᠬᠡᠶ ᠬᠤᠸᠠᠷ ᠫᠤᠤᠵᠢᠩ ᠤᠨ ᠦᠢᠯᠡᠳᠬᠦᠨ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ᠂ ᠥᠷᠭᠡᠨ ᠣᠯᠠᠨ ᠬᠤᠲᠠ ᠶᠢᠨ ᠠᠷᠠᠳ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠢᠵᠠᠭᠠᠷᠯᠠᠬᠤ ᠲᠣᠭᠲᠠᠭᠠᠯ ᠢ ᠤᠬᠠᠭᠤᠯᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠲᠣᠭᠲᠠᠭᠠᠯ ᠢ ᠵᠢᠷᠤᠮᠯᠠᠵᠤ᠂ ᠠᠮᠤᠷ ᠲᠦᠪᠰᠢᠨ᠂ ᠪᠣᠯᠪᠠᠰᠤᠨ ᠠᠮᠢᠳᠤᠷᠠᠯ ᠤᠨ ᠤᠷᠴᠢᠨ ᠢ ᠬᠠᠮᠳᠦ ᠪᠠᠷ ᠪᠤᠢ ᠪᠤᠯᠭᠠᠬᠤ ᠶᠢ ᠤᠷᠢᠶᠠᠯᠠᠵᠠᠢ᠃        ᠡᠪᠦᠯ ᠤᠨ ᠤᠯᠠᠷᠢᠯ ᠤᠨ ᠠᠵᠢᠯᠯᠠᠭ᠎ᠠ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠨᠢ ᠢᠳᠡᠭᠡᠨ ᠪᠠ ᠡᠮ ᠤᠨ ᠵᠦᠢᠯᠡᠰ᠂ ᠠᠷᠢᠬᠢ ᠲᠠᠮᠠᠬᠢ᠂ ᠬᠤᠸᠠᠷ ᠫᠤᠤᠵᠢᠩ᠂ ᠰᠢᠲᠠᠮᠠᠬᠠᠶ ᠬᠡᠶ ᠶᠢᠨ ᠪᠠᠭᠠᠵᠢ᠂ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠳᠠᠯᠳᠠ ᠬᠡᠮ ᠢ ᠪᠦᠲᠦᠮᠵᠢᠲᠡᠶ ᠵᠢᠭᠰᠠᠭᠠᠨ ᠪᠠᠶᠢᠴᠠᠭᠠᠨ ᠠᠷᠢᠯᠭᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠪᠦᠯ ᠤᠨ ᠤᠯᠠᠷᠢᠯ ᠤᠨ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ ᠠᠮᠢ ᠠᠬᠤᠢ ᠣᠷᠴᠢᠨ ᠳᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠡᠩᠨᠡᠨ ᠪᠠᠶᠢᠴᠠᠭᠠᠬᠤ ᠰᠠᠯᠠᠭ᠎ᠠ ᠮᠥᠴᠢᠷ ᠡᠯ᠎ᠡ ᠲᠥᠷᠥᠯ ᠤᠨ ᠡᠷᠡᠭᠦᠦ ᠶᠢᠨ ᠬᠡᠷᠡᠭ ᠢ ᠨᠡᠶᠢᠳᠠ 24 ᠢᠯᠡᠷᠡᠭᠦᠯᠵᠦ᠂ ᠬᠠᠤᠯᠢ ᠶᠢ ᠵᠥᠷᠢᠴᠡᠭᠰᠡᠨ 25 ᠬᠥᠮᠦᠨ ᠳᠤ ᠴᠣᠬᠢᠯᠲᠠ ᠥᠭᠴᠦ ᠰᠢᠢᠳᠪᠦᠷᠢᠯᠡᠪᠡ᠃              ᠬᠣ᠋ ᡁᠢ ᠮᠢᠨ ᠭᠦ᠋ ᠰᠧ ᠢᠦᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号