ᠤᠯᠠᠭᠠᠨᠬᠤᠳᠠ ᠨᠢᠰᠭᠡᠯ ᠤᠨ ᠪᠠᠭᠤᠳᠠᠯ ᠴᠠᠭᠠᠨ ᠰᠠᠷ᠎ᠠ ᠶᠢᠨ ᠵᠦᠭᠡᠭᠡᠪᠦᠷᠢ ᠶᠢᠨ ᠤᠷᠤᠬᠰᠢᠳᠠᠢ ᠶᠠᠪᠤᠬᠳᠠᠬᠤ ᠶᠢ ᠪᠠᠳᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2025/2/20
        ︽ᠭᠡᠳᠦ᠋ᠢᠪᠡᠷ ᠨᠢᠰᠭᠡᠯ ᠤᠨ ᠪᠠᠭᠤᠳᠠᠯ ᠨᠢ ᠪᠠᠭ᠎ᠠ ᠪᠤᠯᠪᠠᠴᠦ ᠳᠤᠨᠤᠬ ᠲᠦᠬᠦᠭᠡᠷᠤᠮᠵᠢ ᠢᠵᠢ ᠪᠦᠷᠢᠳᠤᠵᠦ᠂ ᠦᠢᠯᠡᠴᠢᠯᠡᠭᠡ ᠮᠠᠰᠢ ᠰᠠᠶᠢᠨ ᠁︾ ᠭᠡᠵᠦ ᠨᠢᠰᠭᠡᠯ ᠳᠤ ᠭᠠᠷᠬᠤ ᠪᠠᠷ ᠪᠡᠯᠡᠳᠭᠡᠵᠦ ᠪᠠᠶᠢᠬᠰᠠᠨ ᠹᠦᠵᠢᠶᠠᠨ ᠮᠤᠵᠢ ᠶᠢᠨ ᠵᠢᠭᠤᠯᠴᠢᠯᠠᠬᠴᠢ ᠳᠠᠩ ᠽᠦᠡᠭ ᠪᠤᠤ ᠪᠠᠶᠠᠷᠳᠠᠶᠢᠬᠠᠨ ᠶᠠᠷᠢᠨ᠎ᠠ᠃        ᠴᠠᠭᠠᠨ ᠰᠠᠷ᠎ᠠ ᠶᠢᠨ ᠬᠤᠭᠤᠴᠠᠭᠠᠨ ᠳᠤ᠂ ᠹᠦᠵᠢᠶᠠᠨ ᠮᠤᠵᠢ ᠶᠢᠨ ᠵᠢᠭᠤᠯᠴᠢᠯᠠᠬᠴᠢ ᠳᠠᠩ ᠽᠦᠡᠭ ᠪᠤᠤ ᠭᠡᠷ ᠤᠨ ᠬᠦᠮᠦᠰ ᠢᠶᠠᠨ ᠳᠠᠭᠠᠭᠤᠯᠤᠨ ᠬᠢᠨᠭ᠍ᠭᠠᠨ ᠠᠶᠢᠮᠠᠬ ᠢᠶᠠᠷ ᠵᠢᠭᠤᠯᠴᠢᠯᠠᠨ ᠳᠤᠭᠤᠷᠢᠬᠰᠠᠨ ᠪᠠᠶᠢᠨ᠎ᠠ᠃ ᠭᠡᠳᠡᠯ᠎ᠠ ᠵᠢᠭᠤᠯᠴᠢᠯᠠᠯ ᠳᠠᠭᠤᠰᠴᠦ ᠪᠤᠴᠠᠬᠤ ᠦᠶ᠎ᠠ ᠳᠡᠭᠡᠨ ᠵᠠᠮ ᠬᠠᠷᠢᠯᠴᠠᠭᠠᠨ ᠤ ᠲᠦᠭᠵᠢᠷᠠᠯ ᠵᠡᠷᠭᠡ ᠰᠢᠯᠳᠠᠭᠠᠨ ᠠᠴᠠ ᠪᠤᠯᠵᠦ ᠂ ᠪᠢᠯᠧᠲ ᠪᠠᠶᠢᠴᠠᠭᠠᠬᠤ ᠴᠠᠬ ᠠᠴᠠ ᠪᠠᠨ ᠬᠤᠴᠤᠷᠤᠬᠰᠠᠨ ᠪᠠᠶᠢᠯ᠎ᠠ᠂ ᠳᠡᠭᠡᠭᠡᠳ ᠲᠡᠷᠡ ᠤᠯᠠᠭᠠᠬᠤᠳᠠ ᠨᠢᠰᠭᠡᠯ ᠤᠨ ᠪᠠᠭᠤᠳᠠᠯ ᠤᠨ ᠠᠵᠢᠯᠳᠡᠨ ᠢ ᠡᠷᠢᠵᠦ᠂ ᠰᠢᠯᠳᠠᠭᠠᠨ ᠢᠶᠠᠨ ᠳᠤᠳᠤᠷᠬᠠᠶᠢᠯᠠᠬᠰᠠᠨ ᠤ ᠰᠡᠬᠦᠯᠡᠷ ᠳᠤᠰᠬᠠᠢ ᠠᠵᠢᠯᠳᠡᠨ ᠠᠴᠠ ᠬᠠᠮᠢᠶ᠎ᠠ ᠪᠦᠬᠦᠢ ᠭᠠᠷᠳᠡᠮ ᠢ ᠨᠢ ᠬᠦᠢᠴᠡᠳᠭᠡᠨ ᠦᠭᠴᠦ᠂ ᠴᠠᠬ ᠲᠠᠭᠠᠨ ᠨᠢᠰᠭᠡᠯ ᠳᠤ ᠭᠠᠷᠤᠬᠰᠠᠨ ᠪᠠᠶᠢᠨ᠎ᠠ᠃        ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ᠂ ᠤᠯᠠᠭᠠᠨᠬᠤᠳᠠ ᠨᠢᠰᠭᠡᠯ ᠤᠨ ᠪᠠᠭᠤᠳᠠᠯ ᠨᠢ ᠠᠶᠠᠨᠴᠢᠳ ᠤᠨ ᠵᠦᠭᠡᠭᠡᠪᠦᠷᠢ ᠶᠢᠨ ᠦᠢᠯᠡᠰ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠵᠦ᠂ ᠨᠢᠰᠭᠡᠯ ᠤᠨ ᠨᠢᠰᠴᠦ ᠪᠠᠭᠤᠬᠤ ᠳᠤᠭ᠎ᠠ 264 ᠤᠳᠠᠭ᠎ᠠ ᠳᠤ ᠬᠦᠷᠴᠦ᠂ 1.98 ᠲᠦᠮᠡᠨ ᠬᠦᠮᠦᠨ ︵ᠤᠳᠠᠭ᠎ᠠ︶ ᠢ ᠵᠦᠭᠡᠭᠡᠪᠦᠷᠢᠯᠡᠭᠰᠡᠨ ᠪᠠᠶᠢᠨ᠎ᠠ᠃ ᠤᠶᠢᠯᠠᠭᠠᠬᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠤ ᠠᠶᠠᠨᠴᠢᠳ ᠨᠢ ᠪᠦᠷ ᠲᠦᠷᠦᠯ ᠰᠠᠳᠤᠨ ᠢᠶᠠᠨ ᠡᠷᠬᠢᠨ ᠦᠵᠡᠬᠦ ᠪᠠ ᠵᠢᠭᠤᠯᠴᠢᠯᠠᠬᠤ ᠪᠠᠷ ᠭᠤᠤᠯᠯᠠᠵᠦ᠂ ᠡᠬᠦᠨ ᠳᠤ ᠪᠡᠭᠡᠵᠢᠩ᠂ ᠭᠤᠸᠠᠩᠵᠸᠦ᠂ ᠦᠬᠠᠨ᠂ ᠬᠦᠭᠡᠬᠤᠳᠠ᠂ ᠤᠷᠳᠤᠰ ᠵᠡᠷᠭᠡ ᠠᠴᠠ ᠢᠷᠡᠭᠰᠡᠨ ᠠᠶᠠᠨᠴᠢᠳ ᠤᠯᠠᠩᠬᠢ ᠳᠤᠭ᠎ᠠ ᠶᠢ ᠡᠵᠡᠯᠡᠨ᠎ᠠ᠃ 2 ᠰᠠᠷ᠎ᠠ ᠶᠢᠨ 2 ᠤᠨ ᠡᠳᠦᠷ᠂ ᠤᠯᠠᠭᠠᠨᠬᠤᠳᠠ ᠨᠢᠰᠭᠡᠯ ᠤᠨ ᠪᠠᠭᠤᠳᠠᠯ ᠤᠨ ᠠᠶᠠᠨᠴᠢᠳ ᠤᠨ ᠳᠤᠭ᠎ᠠ ᠤᠷᠬᠢᠯ ᠤᠨ ᠬᠤᠭᠤᠴᠠᠭᠠᠨ ᠳᠠᠭᠠᠨ ᠬᠦᠷᠴᠦ᠂ ᠠᠶᠠᠨᠴᠢᠳ ᠤᠨ ᠤᠷᠤᠵᠦ ᠭᠠᠷᠤᠬᠰᠠᠨ ᠳᠤᠭ᠎ᠠ 3036 ᠬᠦᠮᠦᠨ ︵ᠤᠳᠠᠭ᠎ᠠ︶ ᠬᠦᠷᠦᠭᠰᠡᠨ ᠪᠠᠶᠢᠨ᠎ᠠ᠃        ᠠᠶᠠᠨᠴᠢᠳ ᠤᠨ ᠠᠮᠤᠷ ᠲᠦᠪᠰᠢᠨ ᠢᠶᠠᠷ ᠶᠠᠪᠤᠵᠦ ᠰᠠᠭᠤᠬᠤ ᠶᠢ ᠪᠠᠳᠤᠯᠠᠬᠤ ᠶᠢᠨ ᠲᠦᠯᠦᠭᠡ᠂ ᠤᠯᠠᠭᠠᠨᠬᠤᠳᠠ ᠨᠢᠰᠭᠡᠯ ᠤᠨ ᠪᠠᠭᠤᠳᠠᠯ ᠤᠨ ᠬᠢᠨ ᠢᠳᠡᠪᠬᠢᠳᠠᠢ ᠪᠠᠷ ᠡᠯ᠎ᠠ ᠲᠦᠷᠦᠯ ᠤᠨ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠶᠠᠨᠴᠢᠳ ᠲᠤ ᠲᠦᠬᠦᠮ ᠦᠵᠡᠬᠦᠯᠬᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠲᠦᠯᠬᠢᠨ ᠠᠬᠢᠭᠤᠯᠤᠬᠰᠠᠨ ᠪᠠᠶᠢᠨ᠎ᠠ᠃ ᠡᠬᠦᠨ ᠤ ᠬᠠᠮᠳᠦ ᠪᠠᠰᠠ ᠳᠤᠨᠤᠬ ᠲᠦᠬᠦᠭᠡᠷᠤᠮᠵᠢ ᠶᠢᠨ ᠠᠷᠠᠴᠢᠯᠠᠨ ᠬᠠᠮᠠᠭᠠᠯᠠᠯᠳᠠ᠂ ᠨᠢᠰᠭᠡᠯ ᠤᠨ ᠪᠠᠭᠤᠳᠠᠯ ᠳᠠᠬᠢ ᠠᠮᠤᠷ ᠲᠦᠪᠰᠢᠨ ᠤ ᠪᠠᠶᠢᠴᠠᠭᠠᠯᠳᠠ᠂ ᠬᠦᠳᠤᠯᠤᠨ ᠵᠢᠯᠤᠭᠤᠳᠴᠦ ᠦᠢᠯᠡᠴᠢᠯᠡᠬᠦ ᠠᠵᠢᠯᠳᠡᠨ ᠤ ᠳᠤᠭ᠎ᠠ ᠶᠢ ᠨᠡᠮᠡᠭᠳᠡᠬᠦᠯᠬᠦ ᠵᠡᠷᠭᠡ ᠬᠦᠴᠦᠯᠡᠴᠡ ᠪᠠᠨ ᠨᠡᠮᠡᠭᠳᠡᠬᠦᠯᠤᠨ ᠠᠶᠠᠨᠴᠢᠳ ᠤᠨ ᠭᠡᠷᠡᠭᠴᠡᠭᠡ ᠱᠠᠭᠠᠷᠳᠠᠯᠭ᠎ᠠ ᠶᠢ ᠴᠠᠬ ᠳᠤᠬᠠᠢ ᠳᠤᠨᠢ ᠰᠶᠢᠳᠪᠦᠷᠢᠯᠡᠨ ᠦᠭᠴᠦ᠂ ᠠᠮᠤᠷ ᠲᠦᠪᠰᠢᠨ ᠢᠶᠠᠷ ᠶᠠᠪᠤᠵᠦ ᠰᠠᠭᠤᠬᠤ ᠳᠤ ᠪᠠᠳᠤᠯᠠᠭ᠎ᠠ ᠬᠠᠨᠭ᠍ᠭᠠᠵᠠᠢ᠃ ︵ᠯᠢ ᠵᠢᠶᠠᠨ ᠫᠢᠡᠭ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号