| | 2 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠮᠠ ᠮᠧᠩ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠤᠳᠤᠷᠢᠳᠬᠤ ᠪᠠᠭ ᠤᠨ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠭᠤᠤᠯ ᠬᠠᠷᠢᠭᠤᠴᠠᠯᠭᠠᠲᠠᠨ | ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠤᠭᠰᠠᠨ ᠠᠴᠠ ᠨᠠᠭᠠᠰᠢᠬᠢ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠵᠦ᠂ ᠬᠢᠩᠭᠠᠨ | ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠵᠤ᠂ | ᠤᠳᠤᠷᠢᠳᠬᠤ ᠪᠠᠭ ᠤᠨ ᠭᠡᠰᠢᠭᠦᠳ ᠲᠠᠰ ᠳᠠᠷᠠᠭᠠᠯᠠᠨ ᠬᠤᠪᠢ ᠬᠥᠮᠦᠨ ᠤ ᠬᠠᠷᠭᠤᠭᠤᠯᠤᠭᠰᠠᠨ ᠶᠠᠷᠢᠶ᠎ᠠ ᠲᠠᠯᠪᠢᠭᠰᠠᠨ | ᠪᠥᠭᠡᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ | ᠮᠠ ᠮᠧᠩ ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠬᠢᠩᠭᠠᠨ ᠵᠡᠭᠡᠯᠢ ᠶᠢᠨ | ᠨᠠᠮ ᠤᠨ ᠠᠵᠢᠯ ᠤᠨ ᠵᠥᠪᠯᠡᠯ ᠤᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ | ᠦᠨᠡᠯᠡᠯᠲᠡ ᠬᠢᠵᠡᠶ᠃ ᠲᠡᠷᠡ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ | ᠭᠦᠢᠴᠡᠳ᠂ ᠶᠠᠪᠤᠴᠠ ᠵᠢᠷᠤᠮᠵᠢᠯ ᠲᠠᠢ ᠪᠠᠶᠢᠵᠤ᠂ ᠬᠢᠩᠭᠠᠨ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ | ᠤᠳᠤᠷᠢᠳᠬᠤ ᠪᠠᠭ ᠠᠴᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠪᠠ ᠲᠥᠪ ᠴᠢᠩᠭ᠎ᠠ ᠪᠠᠷ ᠬᠠᠨᠳᠤᠵᠤ ᠪᠠᠶᠢᠬᠤ ᠶᠢ ᠢᠯᠡᠷᠡᠭᠦᠯᠪᠡ᠃ ᠤᠳᠤᠷᠢᠳᠬᠤ ᠪᠠᠭ ᠤᠨ | ᠪᠦᠷᠢᠯᠳᠦᠬᠦᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠬᠦ ᠳᠡᠭᠡᠨ ᠠᠰᠠᠭᠤᠳᠠᠯ ᠳᠤ ᠰᠢᠭᠤᠳ ᠬᠠᠨᠳᠤᠵᠤ᠂ | ᠦᠨᠡᠨᠴᠢ ᠪᠠᠷ ᠬᠠᠨᠳᠤᠵᠤ᠂ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ | ᠦᠵᠡᠯ ᠰᠠᠨᠠᠭᠠᠨ ᠤ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠨᠢᠭᠤᠷ ᠤᠯᠠᠶᠢᠯᠭᠠᠨ ᠬᠥᠯᠥᠰᠥ ᠭᠠᠷᠭᠠᠬᠤ᠂ | ᠬᠤᠣᠷ ᠢ ᠠᠷᠢᠯᠭᠠᠨ ᠡᠪᠡᠳᠴᠢᠨ ᠢ ᠵᠠᠰᠠᠬᠤ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ ᠭᠡᠵᠦ ᠵᠢᠭᠠᠨ ᠭᠠᠷᠭᠠᠵᠠᠢ᠃ | ᠮᠠ ᠮᠧᠩ ᠠᠴᠠ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ | ᠡᠭᠦᠷᠭᠡᠯᠡᠯ ᠢᠶᠠᠨ ᠴᠢᠩᠭᠠᠳᠬᠠᠵᠤ᠂ ︽ᠠᠷᠠᠳ ᠲᠦᠮᠡᠨ ᠳᠤ ᠦᠢᠯᠡᠴᠢᠯᠡᠬᠦ︾ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ | ᠬᠠᠷᠢᠶ᠎ᠠ ᠣᠷᠣᠨ ᠤ ᠣᠨᠴᠠᠯᠢᠭᠲᠤ ᠳᠠᠪᠠᠭᠤᠯᠢᠭ ᠢ ᠰᠠᠶᠢᠲᠤᠷ ᠠᠰᠢᠭᠯᠠᠵᠤ᠂ ︽ᠵᠢᠷᠭᠤᠭᠠᠨ ᠠᠵᠢᠯᠯᠠᠭ᠎ᠠ︾ ᠪᠠᠷ | ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠪᠠ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠡᠮᠬᠢᠯᠡᠨ ᠨᠡᠶᠢᠯᠡᠭᠦᠯᠵᠦ᠂ ᠵᠡᠭᠡᠯᠢ ᠭᠤᠳᠤᠮᠵᠢ ᠶᠢᠨ ᠬᠥᠭᠵᠢᠯᠲᠡ ᠳᠤ | ᠲᠣᠬᠢᠷᠠᠬᠤ ᠲᠥᠷᠥᠯ ᠵᠦᠢᠯ ᠤᠨ ᠢᠨᠵᠧᠨᠧᠷᠢᠩ ᠢ ᠠᠭᠤᠳᠠᠯᠯᠠᠬᠤ ᠬᠡᠷᠡᠭᠲᠡᠢ᠃ ᠠᠵᠤ ᠠᠬᠤᠶᠢᠯᠠᠯ ᠤᠨ ᠰᠤᠷᠪᠤᠯᠵᠢᠯᠠᠬᠤ | ᠳᠦᠷᠢᠮ ᠢ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ | ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ | ᠵᠠᠮ ᠢ ᠴᠠᠭ ᠲᠤᠬᠠᠶ ᠳᠤᠨᠢ ᠨᠡᠪᠲᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠴᠠᠭ ᠲᠤᠬᠠᠶ ᠳᠤᠨᠢ | ᠰᠢᠢᠳᠪᠦᠷᠢᠯᠡᠵᠦ ᠥᠭᠭᠦᠬᠦ ᠬᠡᠷᠡᠭᠲᠡᠢ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠨᠡᠶᠢᠭᠡᠮ ᠲᠣᠭᠤᠷᠢᠭ ᠤᠨ ᠠᠯᠪᠠᠨ ᠵᠠᠷ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠨ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠬᠠᠷᠢᠶ᠎ᠠ ᠣᠷᠣᠨ ᠤ ᠤᠯᠠᠨ ᠲᠦᠮᠡᠨ ᠳᠤ ᠠᠵᠢᠯ | ᠣᠯᠭᠤᠯᠲᠠ ᠶᠢᠨ ᠠᠵᠢᠯ ᠤᠨ ᠪᠠᠶᠢᠷᠢ ᠬᠠᠩᠭᠠᠬᠤ ᠬᠡᠷᠡᠭᠲᠡᠢ᠃ ᠬᠠᠷᠢᠶ᠎ᠠ ᠣᠷᠣᠨ ᠤ ᠣᠨᠴᠠᠯᠢᠭᠲᠤ ᠳᠠᠪᠠᠭᠤᠯᠢᠭ ᠢ | ᠠᠭᠤᠳᠠᠯᠵᠤ᠂ ᠪᠤᠰᠤᠳ ᠵᠡᠭᠡᠯᠢ ᠯᠤᠭ᠎ᠠ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ ᠬᠡᠷᠡᠭᠲᠡᠶ᠃ ᠨᠡᠶᠢᠭᠡᠮ | ᠲᠣᠭᠤᠷᠢᠭ ᠤᠨ ᠰᠣᠶᠣᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ᠂ ᠵᠥᠷᠢᠴᠡᠯ ᠢ | ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠵᠡᠭᠡᠯᠢ ᠶᠢᠨ ᠭᠤᠣᠯᠳᠠᠯᠭ᠎ᠠ ᠲᠠᠢ ᠠᠵᠢᠯ ᠢ | ᠰᠠᠨᠠᠭᠠᠴᠢᠯᠠᠭ᠎ᠠ ᠠᠴᠠ ᠪᠠᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢ ᠲᠠᠰᠤᠷᠠᠯᠲᠠ ᠦᠭᠡᠢ | ᠴᠢᠩᠭᠠᠳᠬᠠᠨ᠂ ᠲᠣᠣᠷᠵᠢᠭᠤᠯᠤᠭᠰᠠᠨ ᠦᠢᠯᠡᠴᠢᠯᠡᠭᠡ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠢᠭᠡᠳᠦᠭᠡᠷ ᠹᠷᠣᠨᠲ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ | ᠠᠵᠢᠯ ᠢ ᠲᠦᠷᠦᠭᠦᠯᠡᠨ ᠥᠷᠨᠢᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠴᠢᠩᠭ᠎ᠠ ᠪᠠᠶᠢᠬᠤ ᠪᠠᠷ ᠬᠥᠲᠥᠯᠪᠦᠷᠢ ᠪᠣᠯᠭᠠᠬᠤ ᠶᠢ | ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢᠶᠠᠷ ᠴᠢᠩᠭ᠎ᠠ ᠪᠠᠶᠢᠬᠤ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ | ᠬᠤᠭᠤᠴᠠᠭ᠎ᠠ ᠪᠠᠷ ᠪᠠᠷᠢᠮᠲᠠᠯᠠᠵᠤ᠂ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | |