| — ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ ᠲᠡᠮᠵᠢᠬᠦ | ᠠᠷᠭ᠎ᠠ ᠬᠡᠮᠵᠢᠶ᠎ᠠ ᠶᠢᠨ ᠲᠤᠬᠠᠢ ᠲᠠᠶᠢᠯᠤᠮᠵᠢ ︵ᠲᠤᠮᠳᠠᠳᠤ︶ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠶᠢᠷ᠎ᠠ ᠳᠤ ︽ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 9 ᠵᠦᠢᠯ ᠤᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ | ᠠᠷᠭ᠎ᠠ ᠬᠡᠮᠵᠢᠶ᠎ᠠ④ | ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠳᠠᠭᠠᠭᠤᠯᠤᠭᠴᠢ ᠠᠵᠤ ᠠᠬᠤᠶᠢᠯᠠᠯ᠂ | ᠰᠦᠯᠵᠢᠶᠡᠨ ᠳᠡᠭᠡᠷᠡᠬᠢ ᠪᠤᠷᠤᠯᠠᠭᠤᠯᠭ᠎ᠠ ᠪᠠ ᠣᠨᠴᠠᠯᠢᠠᠠᠳᠦ ᠲᠥᠷᠥᠯ ᠲᠡᠮᠳᠡᠭᠲᠦ ᠶᠢᠨ ᠠᠷᠪᠠᠨ ᠬᠦᠴᠦᠷᠬᠡᠭ ᠢᠶᠠᠷ | ᠰᠢᠯᠭᠠᠷᠠᠭᠰᠠᠨ ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠬᠡᠮᠵᠢᠶ᠎ᠠ ᠨᠢ ᠲᠦᠷᠦᠭᠦᠦ ᠵᠢᠯ ᠤᠨ ᠬᠢ ᠠᠴᠠ ᠪᠠᠨ 100 | ᠲᠦᠮᠡᠨ ᠲᠥᠭᠦᠷᠢᠭ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ᠂ ᠬᠠᠮᠤᠭ ᠤᠨ ᠥᠨᠳᠥᠷ ᠲᠡᠭᠡᠨ 30 ᠲᠦᠮᠡᠨ | ᠲᠥᠭᠦᠷᠢᠭ ᠱᠠᠩᠨᠠᠵᠤ᠂ ᠢᠵᠢᠯ ᠨᠢᠭᠡ ᠠᠵᠤ ᠠᠬᠤᠶᠢᠯᠠᠯ ᠢ ᠲᠤᠬᠠᠢ ᠶᠢᠨ ᠵᠢᠯ ᠳᠤ ᠳᠠᠪᠬᠤᠷᠳᠠᠭᠤᠯᠤᠨ ᠱᠠᠩᠨᠠᠬᠤ | ᠥᠬᠡᠶ᠃ | ᠠᠷᠭ᠎ᠠ ᠬᠡᠮᠵᠢᠶ᠎ᠠ ⑤ | ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠠᠶᠢᠰᠢ ᠲᠥᠪᠯᠡᠷᠡᠬᠦ ᠶᠢ | ᠠᠬᠢᠭᠤᠯᠤᠨ᠎ᠠ | ᠵᠢᠯ ᠪᠦᠷᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠣᠳᠣ | ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ 2 ᠠᠵᠤ ᠦᠢᠯᠡᠰ ᠤᠨ ᠬᠦᠷᠢᠶᠡᠯᠡᠩ ᠢ ᠰᠢᠯᠢᠨ ᠰᠣᠩᠭᠤᠵᠤ | ᠳᠡᠮᠵᠢᠯᠭᠡ ᠦᠵᠡᠭᠦᠯᠦᠨ᠎ᠡ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ | ᠡᠭᠦᠳᠦᠨ ᠪᠠᠶᠢᠭᠤᠯᠬᠤ ᠦᠶ᠎ᠡ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ | ᠨᠥᠬᠦᠴᠡᠯ ᠤᠨ ᠳᠣᠣᠷ᠎ᠠ ᠤᠷᠢᠳ ᠢᠶᠠᠷ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠲᠤᠰᠬᠠᠶ ᠵᠦᠢᠯ ᠤᠨ ᠪᠡᠯᠡ ᠮᠥᠩᠭᠦ ᠶᠢ ᠬᠡᠷᠡᠭᠯᠡᠬᠦ ᠦᠶ᠎ᠡ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠳᠡᠮᠵᠢᠨ᠎ᠡ᠃ | ᠠᠷᠭ᠎ᠠ ᠬᠡᠮᠵᠢᠶ᠎ᠠ ⑥ | ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠲᠡᠭ ᠢ ᠪᠤᠶᠢᠵᠢᠭᠤᠯᠬᠤ ᠪᠠ | ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠭ᠎ᠠ ᠶᠢ ᠲᠡᠮᠵᠢᠵᠤ᠂ ︽ᠥᠪᠥᠷ ᠮᠣᠩᠭᠤᠯ ᠨᠡᠷᠡᠮᠵᠢᠲᠦ︾ ᠲᠦᠷᠦᠯ | ᠲᠡᠮᠲᠡᠭᠲᠦ ᠶᠢᠨ ᠭᠡᠷᠡᠴᠢᠯᠡᠯ ᠢ ᠦᠷᠬᠦᠯᠵᠢᠯᠡᠨ ᠦᠷᠨᠢᠭᠦᠯᠵᠦ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠲᠥᠷᠥᠯ | ᠲᠡᠮᠳᠡᠭ᠂ ᠨᠢᠭᠡᠳᠦᠯᠲᠡᠶ ᠢᠯᠡᠷᠬᠡᠶᠢᠯᠡᠯᠲᠦ ᠲᠡᠮᠳᠡᠭ᠂ ᠨᠢᠭᠡᠳᠦᠯᠲᠡᠶ ᠤᠬᠠᠭᠤᠯᠬᠤ᠂ ᠨᠢᠭᠡᠳᠦᠯᠲᠡᠶ ᠡᠵᠡᠩᠨᠡᠨ | ᠪᠣᠷᠣᠯᠠᠭᠤᠯᠬᠤ ᠶᠢ ᠠᠬᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ | ᠨᠡᠷᠡᠮᠵᠢᠲᠦ︾ ᠲᠦᠷᠦᠯ ᠲᠡᠮᠲᠡᠭᠲᠦ — ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠴᠤᠭᠴᠠᠯᠠᠨ᠎ᠠ᠃ ︽ᠥᠪᠥᠷ ᠮᠣᠩᠭᠤᠯ ᠨᠡᠷᠡᠮᠵᠢᠲᠦ︾ ᠲᠦᠷᠦᠯ | ᠲᠡᠮᠲᠡᠭᠲᠦ ᠪᠠᠷ ᠭᠡᠷᠡᠴᠢᠯᠡᠭᠳᠡᠭᠰᠡᠨ ᠠᠵᠤ ᠠᠬᠤᠶᠢᠯᠠᠯ ᠤᠨ ᠭᠡᠷᠡᠴᠢᠯᠡᠯ ᠪᠠ ᠬᠢᠨᠠᠨ ᠪᠠᠶᠢᠴᠠᠭᠠᠯᠲᠠ ᠳᠤ ᠬᠡᠷᠡᠭᠯᠡᠭᠰᠡᠨ | ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ᠃ 2024 ᠣᠨ ᠳᠤ ᠪᠣᠬᠢᠷᠲᠤᠯ ᠥᠬᠡᠶ ᠢᠳᠡᠭᠡᠨ᠂ ᠤᠷᠭᠠᠨᠢᠭ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢᠶᠠᠷ ᠭᠡᠷᠡᠴᠢᠯᠡᠭᠦᠯᠦᠭᠰᠡᠨ ᠪᠦᠲᠦᠭᠡᠭᠳᠡᠭᠦᠨ ᠤ ᠬᠡᠮᠵᠢᠶ᠎ᠡ ᠨᠢ | 1000 ᠳᠤᠨ ᠢ ᠲᠠᠪᠠᠭᠰᠠᠨ ᠠᠵᠤ ᠠᠬᠤᠶᠢᠯᠠᠯ ᠤᠨ ᠭᠡᠷᠡᠴᠢᠯᠡᠯ ᠤᠨ ᠵᠠᠷᠤᠳᠠᠯ ᠢ ᠪᠦᠬᠦ ᠮᠦᠡᠭᠬᠦ ᠪᠠᠷ ᠱᠠᠩᠨᠠᠨ | ᠨᠦᠬᠦᠪᠦᠷᠢᠯᠡᠵᠦ᠂ ᠪᠣᠳᠠᠲᠠᠶ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠶᠡᠷᠦᠩᠬᠡᠢ ᠬᠡᠮᠵᠢᠶ᠎ᠡ ᠶᠢ | ᠦᠨᠳᠤᠰᠤᠯᠡᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠶᠡᠭᠡ ᠬᠤᠲᠠ ᠳᠤ ︽ᠪᠣᠬᠢᠷᠲᠤᠯ ᠥᠬᠡᠶ ᠪᠦᠲᠦᠭᠡᠭᠳᠡᠬᠦᠨ ᠢ | ᠤᠷᠤᠨ ᠤ ᠭᠠᠳᠠᠨ᠎ᠠ ᠪᠤᠷᠤᠯᠠᠭᠤᠯᠬᠤ︾ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠨᠢᠯᠴᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠦᠷᠨᠢᠬᠦᠯᠦᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ᠂ | ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ᠂ | ᠢᠳᠡᠭᠡᠨ ᠤᠮᠳᠠᠭᠠᠨ ᠤ ᠭᠠᠵᠠᠷ ᠲᠤ ᠣᠷᠣᠭᠤᠯᠬᠤ ᠶᠢ ᠠᠬᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠬᠤᠳᠠᠯᠳᠤᠬᠤ ᠪᠠ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ | ᠡᠷᠴᠢᠮ ᠢ ᠴᠢᠩᠭᠠᠷᠠᠭᠤᠯᠤᠨ᠎ᠠ᠃ | ︵︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ | | | | |