| | 2 ᠰᠠᠷ᠎ᠠ ᠶᠢᠨ 18 ᠤ ᠡᠳᠦᠷ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠮᠢᠩ ᠶᠠᠩ᠂ ᠬᠤᠲᠠ ᠶᠢᠨ ᠨᠠᠮ ᠤᠨ ᠬᠤᠷᠢᠶᠠᠨ ᠤ | ᠶᠢᠰᠦᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠨ ᠽᠧ ᠰᠢᠤᠢ ᠨᠠᠷ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ ᠬᠤᠷᠠᠯ ᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠢᠦᠢ | ᠰᠢᠶᠤᠤ ᠮᠢᠩ ᠡᠷᠬᠢᠯᠡᠵᠦ᠂ ᠵᠡᠭᠡᠯᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠭᠡᠰᠢᠭᠦᠨ ᠬᠤᠷᠠᠯ ᠳᠤ | ᠣᠷᠣᠯᠴᠠᠪᠠ᠃ | | | | | ᠵᠡᠭᠡᠯᠢ ᠶᠢᠨ ᠨᠠᠮ ᠤᠨ ᠠᠵᠢᠯ ᠤᠨ ᠵᠥᠪᠯᠡᠯ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠦᠵᠡᠵᠡᠢ᠃ ᠬᠤᠷᠠᠯ ᠠᠴᠠ ᠡᠮᠦᠨ᠎ᠡ᠂ ᠤᠳᠤᠷᠢᠳᠬᠤ ᠪᠠᠭ ᠤᠨ | ᠭᠡᠰᠢᠭᠦᠳ ᠬᠠᠮᠲᠤ ᠪᠠᠷ ᠬᠠᠮᠢᠶ᠎ᠠ ᠪᠦᠬᠦᠢ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠬᠤᠷᠠᠯ ᠤᠨ ᠭᠤᠣᠯ | ᠰᠡᠳᠦᠪ ᠤᠨ ᠲᠣᠭᠤᠷᠢᠨ ᠳᠤ᠂ ᠤᠨᠤᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ | ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠵᠦ᠂ ᠲᠤᠬᠠᠶᠢᠯᠠᠭᠰᠠᠨ | ᠠᠵᠢᠯ ᠲᠠᠢ ᠪᠠᠨ ᠤᠶᠠᠯᠳᠤᠭᠤᠯᠤᠨ ᠠᠰᠠᠭᠤᠳᠠᠯ ᠢ ᠪᠠᠶᠢᠴᠠᠭᠠᠨ ᠳᠡᠯᠭᠡᠵᠦ᠂ ᠡᠰᠡᠷᠭᠦ ᠲᠠᠯ᠎ᠠ ᠶᠢᠨ ᠨᠡᠶᠢᠲᠡᠯᠢᠭ | ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠪᠠ ᠶᠠᠷᠢᠶᠠᠨ ᠤ ᠲᠣᠪᠴᠢ | ᠪᠠᠨ ᠨᠠᠷᠢᠨ ᠬᠢᠨᠠᠮᠠᠭᠠᠢ ᠪᠢᠴᠢᠪᠡ᠃ | | | | | ᠬᠤᠷᠠᠯ ᠠᠴᠠ 2023 ᠣᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠵᠢᠴᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ | ᠮᠡᠳᠡᠭᠳᠡᠪᠡ᠃ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠢᠦᠶ ᠰᠢᠶᠣᠤ ᠮᠢᠩ ᠤᠳᠤᠷᠢᠳᠬᠤ | ᠪᠠᠭ ᠢᠶᠠᠨ ᠲᠥᠯᠥᠭᠡᠯᠡᠨ ᠬᠠᠷᠭᠤᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠭᠡᠰᠢᠭᠦᠳ ᠤᠨ ᠬᠤᠭᠤᠷᠣᠨᠳᠣᠬᠢ | ᠰᠢᠭᠦᠮᠵᠢᠯᠡᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ | ᠪᠠᠶᠢᠴᠠᠭᠠᠯᠲᠠ ᠬᠢᠪᠡ᠃ ᠤᠳᠤᠷᠢᠳᠬᠤ ᠪᠠᠭ ᠤᠨ ᠪᠤᠰᠤᠳ ᠭᠡᠰᠢᠭᠦᠳ ᠨᠢᠭᠡᠳ ᠨᠢᠭᠡ ᠪᠠᠷ ᠬᠠᠷᠭᠤᠭᠤᠯᠤᠨ | ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠪᠡ᠃ | | | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠸᠠᠩ ᠮᠢᠩ ᠶᠠᠩ ᠦᠨᠡᠯᠡᠯᠲᠡ ᠶᠢᠨ ᠶᠠᠷᠢᠶᠠᠨ ᠳᠠᠭᠠᠨ᠂ ᠤᠳᠤᠷᠢᠳᠬᠤ ᠪᠠᠭ ᠤᠨ ᠬᠠᠷᠭᠤᠭᠤᠯᠤᠭᠰᠠᠨ ᠪᠠᠶᠢᠴᠠᠭᠠᠯᠲᠠ᠂ | ᠬᠤᠪᠢ ᠬᠥᠮᠦᠨ ᠤ ᠶᠠᠷᠢᠶ᠎ᠠ ᠪᠠ ᠬᠠᠷᠢᠯᠴᠠᠨ ᠰᠢᠭᠦᠮᠵᠢᠯᠡᠯ ᠠᠴᠠ ᠦᠵᠡᠪᠡᠯ᠂ ᠨᠠᠮ ᠤᠨ ᠠᠵᠢᠯ ᠤᠨ ᠵᠥᠪᠯᠡᠯ ᠤᠨ | ᠤᠳᠤᠷᠢᠳᠬᠤ ᠪᠠᠭ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠭᠦᠢᠴᠡᠳ ᠪᠡᠯᠡᠳᠬᠡᠯ ᠬᠢᠵᠡᠢ᠃ ᠤᠯᠠᠨ ᠢᠶᠠᠷ ᠢᠶᠠᠨ ᠨᠠᠮ ᠤᠨ ᠳᠦᠷᠢᠮ ᠲᠣᠭᠲᠠᠭᠠᠯ ᠨᠠᠮ ᠤᠨ | ᠰᠠᠬᠢᠯᠭ᠎ᠠ ᠪᠠᠲᠤ ᠲᠠᠢ ᠬᠠᠷᠭᠤᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮᠴᠢ ᠴᠢᠨᠠᠷ ᠤᠨ | ᠵᠠᠳᠠᠯᠤᠯᠲᠠ ᠬᠢᠵᠦ᠂ ᠠᠰᠠᠭᠤᠳᠠᠯ ᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠵᠠᠳᠠᠯᠵᠤ᠂ ᠴᠢᠷᠮᠠᠶᠢᠬᠤ | ᠴᠢᠭᠯᠡᠯ ᠢ ᠲᠣᠳᠣᠷᠬᠠᠶᠢᠯᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠰᠢᠭᠤᠳ ᠬᠢᠵᠦ᠂ ᠨᠢᠭᠡ ᠤᠳᠠᠭᠠᠨ ᠤ | ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠪᠠ ᠨᠠᠮᠴᠢ ᠴᠢᠨᠠᠷ ᠤᠨ ᠪᠣᠯᠪᠠᠰᠤᠷᠠᠯ ᠢ ᠬᠦᠯᠢᠶᠡᠵᠦ᠂ ᠬᠠᠷᠢᠯᠴᠠᠨ | ᠬᠠᠪᠰᠤᠷᠤᠯᠴᠠᠬᠤ᠂ ᠬᠠᠮᠲᠤ ᠪᠠᠷ ᠳᠡᠭᠡᠭᠰᠢᠯᠡᠬᠦ᠂ ᠪᠦᠯᠬᠦᠮᠳᠡᠯ ᠢ ᠴᠢᠩᠭᠠᠳᠬᠠᠬᠤ ᠵᠣᠷᠢᠯᠭ᠎ᠠ ᠳᠠᠭᠠᠨ ᠬᠦᠷᠴᠡᠢ᠃ | ᠵᠠᠯᠭᠠᠭᠠᠳ᠂ ᠰᠢᠨ᠎ᠡ ᠬᠤᠲᠠ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠤᠳᠤᠷᠢᠳᠬᠤ ᠪᠠᠭ ᠲᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠳᠤᠷᠢᠳᠬᠤ ᠪᠠᠭ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠯᠬᠦᠮᠳᠡᠨ ᠨᠢᠭᠡᠳᠴᠦ᠂ ᠯᠠᠪᠳᠠᠭᠤᠨ ᠪᠠᠲᠤᠲᠠᠶ | ᠠᠵᠢᠯᠯᠠᠵᠤ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠬᠤᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠨ | ᠭᠠᠷᠭᠠᠵᠠᠢ᠃ | |