ᠦ᠋ ᠢ ᠵᠡᠭᠡᠯᠢ 2025 ᠣᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
        ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠦ᠂ ᠪᠥᠬᠦ ᠺᠠᠳ᠋ᠷᠴᠤᠳ ᠢ ᠳᠠᠶᠢᠴᠢᠯᠠᠨ ᠰᠡᠳᠬᠢᠯ ᠰᠠᠨᠠᠭ᠎ᠠ ᠪᠠᠨ ᠬᠤᠷᠢᠶᠠᠵᠤ᠂ ᠪᠥᠬᠦ ᠵᠢᠯ ᠤᠨ ᠠᠵᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠤᠲᠠ ᠶᠢᠨ ᠡᠦ ᠢ ᠵᠡᠭᠡᠯᠢ ᠪᠥᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠵᠡᠭᠡᠯᠢ ᠶᠢᠨ ᠤᠳᠤᠷᠢᠳᠬᠤ ᠪᠠᠭ᠂ ᠪᠥᠬᠦ ᠪᠠᠶᠢᠭᠤᠯᠭ᠎ᠠ ᠶᠢᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠳ ᠬᠤᠷᠠᠯ ᠳᠤ ᠣᠷᠣᠯᠴᠠᠪᠠ᠃
1.jpg
        ᠬᠤᠷᠠᠯ ᠠᠴᠠ ᠡᠩ ᠲᠡᠷᠢᠭᠦᠨ ᠳᠤ ᠠᠶᠢᠮᠠᠭ ᠬᠤᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠨᠠᠷᠢᠨ ᠲᠠᠶᠢᠯᠤᠮᠵᠢ ᠬᠢᠪᠠ᠃
2.jpg
        ᠬᠤᠷᠠᠯ ᠳᠡᠭᠡᠷ᠎ᠡ᠂ ᠦ᠋ ᠢ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠯᠢᠦ ᠭᠠᠩ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ‍ ᠨᠢᠭᠡ ᠢᠨᠵᠧᠨᠧᠷᠢᠩ ᠢ ᠪᠥᠲᠥᠭᠡᠨ ᠪᠠᠶᠢᠭᠤᠯᠬᠤ᠂ ᠰᠣᠶᠣᠯ ᠢ ᠤᠯᠠᠮᠵᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠨᠢᠭᠡ ᠪᠦᠯᠦᠭ ᠰᠠᠶᠢᠨ ᠶᠠᠪᠤᠳᠠᠯ ᠬᠢᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠬᠠᠭᠤᠴᠢᠨ ᠰᠠᠭᠤᠭᠠᠯᠢ ᠲᠣᠭᠤᠷᠢᠭ ᠢ ᠰᠠᠶᠢᠲᠤᠷ ᠥᠭᠡᠷᠡᠴᠢᠯᠡᠵᠦ᠂ ᠬᠤᠪᠢᠰᠬᠠᠯᠲᠤ ᠠᠳᠠᠯ ᠠᠬᠤᠶ ᠶᠢᠨ ᠦᠷ᠎ᠡ ᠪᠦᠲᠦᠭᠡᠯ ᠢ ᠪᠠᠬᠢᠵᠢᠭᠦᠯᠬᠦ ᠲᠠᠪᠤᠨ ᠲᠠᠯ᠎ᠠ ᠪᠠᠷ ᠦ᠋ ᠢ ᠵᠡᠭᠡᠯᠢ ᠶᠢᠨ 2025 ᠣᠨ ᠤ ᠪᠦᠬᠦᠯᠢ ᠴᠣᠭᠴᠠ ᠶᠢᠨ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠵᠦ᠂ ᠵᠡᠭᠡᠯᠢ ᠶᠢᠨ ᠡᠨᠡ ᠵᠢᠯ ᠤᠨ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ᠂ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
3.jpg
        ᠦ᠋ ᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠶᠤᠸᠠᠨ ᠳ᠋ᠠᠨ᠂ ᠨᠢᠭᠡ ᠳᠤ᠂ ᠰᠡᠳᠬᠢᠯ ᠢᠶᠠᠨ ᠬᠤᠷᠢᠶᠠᠵᠤ ᠡᠬᠢᠯᠡᠯᠲᠡ ᠶᠢᠨ ᠪᠦᠷᠢᠶ᠎ᠡ ᠶᠢ ᠬᠠᠩᠭᠢᠨᠠᠭᠤᠯᠬᠤ ᠬᠡᠷᠡᠭᠲᠡᠢ᠃ ᠪᠦᠬᠦ ᠺᠠᠳ᠋ᠷᠴᠤᠳ ︽ᠠᠮᠠᠷᠠᠯᠲᠠ ᠶᠢᠨ ᠬᠤᠭᠤᠴᠠᠭᠠᠨ ᠤ ᠵᠠᠭᠪᠤᠷ︾ ᠠᠴᠠ ︽ᠲᠡᠮᠡᠴᠡᠬᠦ ᠵᠠᠭᠪᠤᠷ︾ ᠲᠡᠶᠢᠰᠢ ᠰᠢᠯᠵᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠵᠤ᠂ 2024 ᠣᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠡᠷᠬᠢᠴᠡᠭᠦᠯᠦᠨ ᠳ᠋ᠥᠩᠨᠡᠵᠦ᠂ ᠳᠤᠲᠠᠭᠤᠳᠠᠯ ᠢᠶᠠᠨ ᠣᠨᠣᠪᠴᠢᠲᠠᠢ ᠨᠥᠬᠦᠪᠥᠷᠢᠯᠡᠵᠦ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠲᠥᠯᠥᠪᠵᠢᠭᠦᠯᠵᠦ᠂ ᠪᠠᠴᠢᠮ ᠶᠠᠭᠠᠷᠠᠯᠲᠠᠢ ᠲᠦᠷᠭᠡᠨ ᠠᠵᠢᠯᠯᠠᠬᠤ᠂ ᠵᠣᠭᠰᠣᠯ ᠦᠭᠡᠢ ᠤᠷᠤᠭᠰᠢᠯᠠᠬᠤ᠂ ᠬᠤᠷᠳᠤᠴᠠ ᠪᠠᠨ ᠳᠡᠭᠡᠭᠰᠢᠯᠡᠭᠦᠯᠦᠨ ᠲᠡᠷᠢᠭᠦᠨ ᠳᠤ ᠨᠢ ᠣᠷᠣᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠦᠳᠲᠡᠷ ᠲᠦᠷᠭᠡᠨ ᠪᠦᠷᠢᠯᠳᠦᠭᠦᠯᠵᠦ᠂ ᠪᠦᠬᠦ ᠵᠢᠯ ᠤᠨ ᠠᠵᠢᠯ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠢ᠃ ᠬᠤᠶᠠᠷ ᠲᠤ᠂ ᠭᠤᠤᠯᠳᠠᠯᠭ᠎ᠠ ᠶᠢ ᠳᠣᠪᠤᠶᠢᠯᠭᠠᠵᠤ᠂ ᠡᠬᠢᠯᠡᠯᠲᠡ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠪᠦᠬᠦ ᠵᠡᠭᠡᠯᠢ ᠭᠤᠳᠤᠮᠵᠢ ᠶᠢᠨ ᠬᠢᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠤᠳᠤᠷᠢᠳᠬᠤ ᠪᠠᠭ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠪᠣᠳᠠᠲᠠᠢ ᠶᠢ ᠴᠢᠬᠤᠯᠠᠴᠢᠯᠠᠵᠤ᠂ ᠲᠡᠷᠢᠭᠦᠨ ᠪᠠᠶᠢᠷᠢᠨ ᠳᠤ ᠬᠦᠷᠬᠦ ᠪᠠᠷ ᠴᠢᠷᠮᠠᠶᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠣᠳᠠᠲᠠᠢ ᠠᠵᠢᠯᠯᠠᠬᠤ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠭᠤᠷᠪᠠ ᠳᠤ᠂ ᠨᠢᠭᠡ ᠰᠡᠳᠬᠢᠯ ᠨᠢᠭᠡ ᠵᠣᠷᠢᠭ ᠢᠶᠠᠷ ᠡᠬᠢᠯᠡᠯᠲᠡ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠪᠦᠯᠬᠦᠮᠳᠡᠨ ᠬᠠᠮᠵᠢᠯᠴᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ ᠤᠨ ᠬᠢᠨ ᠬᠠᠮᠵᠢᠯᠴᠠᠭ᠎ᠠ ᠪᠠᠨ ᠴᠢᠩᠭᠠᠳᠬᠠᠨ᠂ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠰᠠᠨᠠᠭᠤᠯᠵᠤ᠂ ᠨᠡᠪᠲᠡᠷᠡᠯᠴᠡᠬᠦ ᠪᠠᠨ ᠰᠠᠶᠢᠲᠤᠷ ᠬᠢᠵᠦ᠂ ᠮᠡᠳᠡᠭᠡ ᠵᠠᠩᠭᠢ ᠪᠠᠨ ᠴᠠᠭ ᠲᠤᠬᠠᠶ ᠳᠤᠨᠢ ᠤᠯᠠᠮᠵᠢᠯᠠᠨ ᠬᠤᠪᠢᠶᠠᠯᠴᠠᠵᠤ᠂ ᠠᠵᠢᠯ ᠤᠨ ᠬᠤᠪᠢᠶᠠᠷᠢᠯᠠᠯ ᠢᠶᠠᠨ ᠰᠠᠯᠭᠠᠬᠤ ᠥᠬᠡᠶ ᠪᠠᠶᠢᠬᠤ ᠶᠢ ᠪᠡᠶᠡᠯᠡᠭᠦᠯᠵᠦ᠂ ᠲᠥᠪᠯᠡᠩᠭᠦᠶ ᠬᠦᠴᠦᠨ ᠲᠠᠢ ᠪᠦᠯᠬᠦᠮ ᠨᠡᠶᠢᠲᠡ ᠶᠢ ᠪᠣᠶ ᠪᠣᠯᠭᠠᠵᠤ᠂ ᠨᠠᠩ ᠡᠶ᠎ᠡ ᠵᠣᠬᠢᠴᠠᠯ ᠲᠠᠢ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号