ᠬᠢᠨᠭ᠍ᠭᠠᠨ ᠠᠶᠢᠮᠠᠭ ᠮᠦᠰᠦ ᠴᠠᠰᠦᠨ ᠤ ᠵᠢᠭᠤᠯᠴᠢᠯᠡᠯ ᠢᠶᠠᠷ ᠡᠯ᠎ᠠ ᠭᠠᠵᠠᠷ ᠤᠨ ᠵᠢᠭᠤᠯᠴᠢᠯᠠᠬᠴᠢᠳ ᠤᠨ ᠬᠦᠷᠢᠶᠡᠯᠡᠯ ᠢ ᠤᠯᠪᠠ
ᠨᠡᠶᠢᠲᠡᠯᠡᠭᠰᠡᠨ ᠴᠠᠭ᠄
2025/2/21
        ᠶᠡᠭᠡ ᠬᠢᠩᠭᠠᠨ ᠳᠠᠪᠠᠭᠠᠨ ᠤ ᠪᠠᠷᠠᠭᠤᠨ ᠡᠮᠦᠨ᠎ᠡ ᠬᠤᠷᠮᠤᠢ ᠳᠤ ᠪᠠᠶᠢᠷᠢᠰᠢᠵᠤ ᠪᠠᠶᠢᠭ᠎ᠠ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠡᠯ ᠤᠨ ᠡᠬᠢ ᠪᠠᠶᠠᠯᠢᠭ ᠤᠯᠠᠨ ᠠᠴᠠ ᠣᠨᠴᠠᠭᠠᠢ ᠪᠠᠶᠢᠵᠤ᠂ ᠦᠨᠳᠦᠷ ᠰᠦᠷᠯᠢᠭ ᠠᠭᠤᠯᠠ ᠬᠠᠶᠢᠷᠠᠠᠬᠨ᠂ ᠴᠠᠰᠦᠲᠦ ᠭᠠᠵᠠᠷ᠂ ᠭᠤᠤᠯ ᠭᠤᠷᠤᠬ᠎ᠠ ᠵᠡᠷᠭᠡ ᠦᠡᠭᠭᠡ ᠦᠵᠡᠮᠵᠢ ᠨᠢ ᠦᠵᠡᠰᠭᠦᠯᠠᠩᠲᠦ ᠰᠠᠶᠢᠬᠠᠨ ᠵᠢᠷᠤᠬ ᠲᠦᠷᠰᠦ ᠶᠢ ᠪᠦᠷᠢᠯᠳᠦᠬᠦᠯᠵᠦ᠂ ᠬᠦᠮᠦᠨ ᠤᠯᠠᠨ ᠤ ᠠᠩᠬᠠᠷᠦᠯ ᠢ ᠲᠠᠳᠠᠨ᠎ᠠ᠃        ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠵᠢᠭᠤᠯᠴᠢᠯᠡᠯ ᠤᠨ ᠠᠮᠠᠷᠠᠯᠲᠠ ᠶᠢᠨ ᠣᠷᠣᠨ ᠪᠣᠯᠤᠭᠰᠠᠨ ᠤ ᠬᠤᠪᠢ ᠳᠤ᠂ ᠷᠠᠰᠢᠶᠠᠨ ᠤ ᠴᠠᠰᠤᠨ ᠤ ᠴᠢᠨᠠᠷ ᠰᠠᠶᠢᠨ᠂ ᠴᠠᠰᠤᠨ ᠤ ᠬᠡᠮᠵᠢᠶ᠎ᠡ ᠶᠡᠭᠡ᠂ ᠡᠬᠢ ᠪᠠᠶᠠᠯᠢᠭ ᠰᠢᠯᠢᠳᠡᠭ ᠠᠴᠠ ᠪᠣᠯᠵᠣ᠂ ᠪᠥᠬᠦ ᠤᠯᠤᠰ ᠤᠨ ᠮᠥᠰᠥ ᠴᠠᠰᠤᠨ ᠤ ᠵᠢᠭᠤᠯᠴᠢᠯᠡᠯ ᠤᠨ ᠠᠷᠪᠠᠨ ᠬᠦᠴᠦᠷᠬᠡᠭ ᠰᠢᠶᠠᠨ ᠤ ᠡᠩᠨᠡᠬᠡᠨ ᠳᠤ ᠵᠢᠭᠰᠠᠭᠠᠭᠳᠠᠵᠦ᠂ ᠤᠯᠤᠰ ᠤᠨ ᠴᠠᠰᠤᠨ ᠳᠤ ᠭᠤᠯᠭᠤᠬᠤ ᠠᠩᠭᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠤᠯᠤᠬᠰᠠᠨ ᠪᠦᠭᠡᠳ ᠮᠥᠰᠥ ᠴᠠᠰᠤᠨ ᠤ ᠵᠢᠭᠤᠯᠴᠢᠯᠡᠯ ᠢ ᠬᠥᠭᠵᠢᠭᠦᠯᠬᠦ ᠭᠤᠤᠯ ᠣᠷᠣᠨ ᠪᠦᠰᠡ ᠶᠢᠨ ᠨᠢᠬᠡ ᠨᠢ ᠪᠤᠯᠵᠠᠢ᠃ ᠦᠡᠭᠭᠡᠷᠡᠭᠰᠡᠨ ᠵᠢᠯ ᠤᠨ ᠡᠪᠦᠯ ᠤᠨ ᠤᠯᠠᠷᠢᠯ ᠳᠤ᠂ ᠬᠢᠩᠭᠠᠨ ᠠᠶᠢᠮᠠᠭ ᠡᠯᠪᠡᠭ ᠪᠠᠶᠠᠯᠢᠭ ᠮᠥᠰᠥ ᠴᠠᠰᠤᠨ ᠤ ᠡᠬᠢ ᠪᠠᠶᠠᠯᠢᠭ ᠲᠠᠭᠠᠨ ᠲᠦᠰᠢᠭᠯᠡᠨ ︽ᠡᠳᠦᠷ ᠪᠦᠷᠢ ᠮᠥᠰᠥ ᠴᠠᠰᠤ ᠪᠠᠷ ᠨᠠᠭᠠᠳᠬᠤ︾ ᠭᠡᠬᠦ ᠲᠦᠷᠦᠯ ᠲᠡᠮᠳᠡᠭ ᠢ ᠡᠭᠦᠳᠴᠦ᠂ ᠲᠦᠷᠪᠡᠨ ᠵᠦᠭ ᠨᠠᠢᠮᠠᠨ ᠵᠤᠪᠬᠢᠰ ᠤᠨ ᠵᠢᠭᠤᠯᠴᠢᠯᠠᠬᠴᠢᠳ ᠲᠤ ᠮᠥᠰᠥ ᠴᠠᠰᠤᠨ ᠤ ᠪᠠᠶᠠᠷ ᠪᠠᠶᠠᠰᠤᠯ ᠢ ᠡᠳ᠋ᠯᠡᠭᠦᠯᠵᠠᠢ᠃        ᠬᠢᠨᠭ᠍ᠭᠠᠨ ᠠᠶᠢᠮᠠᠭ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠰᠤᠲᠤ ᠲᠣᠰᠬᠤᠨ ᠤ ᠴᠠᠰᠤᠨ ᠳᠤ ᠭᠤᠯᠭᠤᠬᠤ ᠲᠠᠯᠠᠪᠠᠢ᠂ ᠲᠦᠴᠢᠤᠸᠠᠨ ᠰᠢᠶᠠᠨ ᠤ ᠸᠧᠨ ᠴᠢᠤᠸᠠᠨ ᠴᠠᠰᠦᠨ ᠳᠤ ᠭᠤᠯᠭᠤᠬᠤ ᠲᠠᠯᠠᠪᠠᠢ᠂ ᠷᠠᠰᠢᠶᠠᠨ ᠬᠤᠲᠠ ᠶᠢᠨ ᠲᠠᠢ ᠸᠧᠢ ᠵᠡᠭᠦᠨ ᠠᠭᠤᠯᠠᠨ ᠤ ᠣᠯᠠᠨ ᠲᠦᠮᠡᠨ ᠤ ᠴᠠᠰᠤᠨ ᠳᠤ ᠭᠤᠯᠭᠤᠬᠤ ᠲᠠᠯᠠᠪᠠᠢ᠂ ᠤᠯᠠᠭᠠᠨᠬᠤᠲᠠ ᠶᠢᠨ ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠢ᠂ ᠵᠠᠯᠠᠶᠢᠳ ᠬᠤᠰᠢᠭᠤᠨ ᠤ ᠲᠤᠯᠠᠭᠠᠨ ᠨᠠᠭᠤᠷ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠪᠠ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ ᠶᠢᠨ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠴᠡᠩᠭᠡᠯ ᠤᠨ ᠬᠦᠷᠢᠶᠡᠯᠡᠩ ᠵᠡᠷᠭᠡ ᠠᠯᠢ ᠤᠯᠠᠨ ᠮᠥᠰᠥ ᠴᠠᠰᠤᠨ ᠳᠤ ᠭᠤᠯᠭᠤᠬᠤ ᠲᠠᠯᠠᠪᠠᠢ ᠪᠠᠶᠢᠵᠦ᠂ ᠵᠢᠭᠤᠯᠴᠢᠯᠠᠬᠴᠢᠳ ᠲᠤ ᠮᠦᠰᠦ ᠴᠠᠰᠦᠨ ᠤ ᠪᠠᠶᠠᠷ ᠪᠠᠶᠠᠰᠦᠯ ᠢ ᠪᠡᠶᠡᠴᠢᠯᠡᠨ ᠤᠶᠢᠯᠠᠭᠠᠭᠤᠯᠵᠦ ᠪᠤᠢ᠃        ᠬᠢᠨᠭ᠍ᠭᠠᠨ ᠠᠶᠢᠮᠠᠭ ᠡᠪᠤᠯ ᠤᠨ ᠤᠯᠠᠷᠢᠯ ᠳᠠᠭᠠᠨ ᠪᠠᠰᠠ ᠡᠯ᠎ᠠ ᠲᠦᠷᠦᠯ ᠤᠨ ᠰᠤᠶᠤᠯ ᠵᠢᠭᠤᠯᠴᠢᠯᠡᠯ ᠤᠨ ᠨᠠᠶᠢᠷ ᠨᠠᠭᠠᠳᠦᠮ ᠢ ᠵᠤᠬᠢᠶᠠᠨ ᠪᠠᠶᠢᠭᠤᠯᠵᠦ᠂ ᠨᠤᠳᠤᠭ ᠤᠰᠤᠨ ᠤ ᠪᠠᠨ ᠬᠦᠮᠦᠨ ᠠᠷᠡᠳ ᠤᠨ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠦ ᠬᠦᠮᠦᠰ ᠤᠨ ᠬᠠᠯᠠᠭᠤᠨ ᠬᠦᠷᠢᠶᠡᠯᠡᠯ ᠢ ᠤᠯᠤᠭᠰᠠᠭᠠᠷ ᠢᠷᠡᠵᠠᠢ᠃ ᠲᠠᠯ᠎ᠠ ᠨᠤᠲᠤᠭ ᠤᠨ ︽ᠡᠷ᠎ᠡ ᠶᠢᠨ ᠭᠤᠷᠪᠠᠨ ᠨᠠᠭᠠᠳᠤᠮ︾ ᠨᠢ ᠨᠠᠭᠠᠳᠦᠮᠴᠢᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠬᠤᠯᠠ ᠤᠶᠢᠷ᠎ᠠ ᠶᠢᠨ ᠵᠤᠴᠢᠨ ᠨᠠᠭᠠᠳᠦᠮᠴᠢᠳ ᠲᠤ ᠴᠠᠰᠤᠨ ᠳᠡᠭᠡᠷ᠎ᠡ ᠪᠥᠬᠡ ᠪᠠᠷᠢᠯᠳᠤᠬᠤ᠂ ᠰᠤᠷ ᠬᠠᠷᠪᠤᠬᠤ᠂ ᠮᠣᠷᠢ ᠤᠷᠤᠯᠳᠤᠬᠤ ᠵᠡᠷᠭᠡ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠦᠷᠦᠯ ᠵᠦᠢᠯ ᠢ ᠪᠡᠶᠡᠴᠢᠯᠡᠨ ᠣᠶᠢᠯᠠᠭᠠᠭᠤᠯᠬᠤ ᠢᠢᠨ ᠬᠠᠮᠲᠤ᠂ ᠴᠠᠰᠦᠲᠦ ᠲᠤᠰᠬᠤᠨ ᠤ ᠰᠤᠶᠤᠯ ᠤᠷᠠᠯᠢᠭ ᠤᠨ ᠠᠵᠢᠯᠯᠠᠭ᠎ᠠ᠂ ᠴᠠᠰᠤᠲᠦ ᠭᠠᠵᠠᠷ ᠮᠣᠲ᠋ᠣᠷ ᠤᠨᠤᠬᠤ ᠪᠠ ᠴᠠᠰᠤᠲᠤ ᠭᠠᠵᠠᠷ ᠤᠨ ᠳᠡᠭᠡᠰᠦ ᠲᠠᠲᠠᠬᠤ ᠵᠡᠷᠭᠡ ᠠᠵᠢᠯᠯᠠᠭ᠎ᠠ ᠦᠷᠨᠢᠭᠦᠯᠵᠦ᠂ ᠵᠤᠭ᠎ᠠ ᠴᠡᠩᠭᠡᠯ ᠤᠨ ᠲᠦᠷᠦᠯ ᠵᠦᠢᠯ ᠤᠨ ᠪᠠᠶᠠᠷ ᠪᠠᠶᠠᠰᠤᠯ ᠢ ᠡᠳ᠋ᠯᠡᠭᠦᠯᠦᠭᠰᠡᠨ ᠪᠠᠶᠢᠨ᠎ᠠ᠃        ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠷᠢᠳ ᠬᠤᠵᠢᠳ ᠪᠥᠬᠦ ᠤᠯᠤᠰ ᠤᠨ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠤᠭᠳᠠᠷᠭᠤᠢ ᠳᠠᠬᠢ ᠤᠷ᠎ᠠ ᠮᠡᠷᠭᠡᠵᠢᠯ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ᠂ ᠬᠢᠩᠭᠠᠨ ᠠᠶᠢᠮᠠᠭ ᠤᠨ ᠴᠠᠰᠤᠲᠤ ᠭᠠᠵᠠᠷ ᠤᠨ ᠬᠥᠯ ᠪᠥᠮᠪᠦᠭᠡ ᠶᠢᠨ ᠳᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠣᠯᠠᠨ ᠨᠡᠶᠢᠲᠡ ᠶᠢᠨ ᠴᠠᠰᠤᠨ ᠳᠤ ᠭᠤᠯᠭᠤᠬᠤ ᠥᠷᠢᠰᠦᠯᠳᠦᠭᠡᠨ ᠤ ᠤᠷᠤᠯᠳᠤᠭᠠᠨ᠂ ᠮᠥᠰᠥ ᠲᠡᠰᠢᠬᠦ ᠥᠷᠢᠰᠥᠯᠳᠦᠭᠡᠨ ᠤ ᠤᠷᠤᠯᠳᠤᠭᠠᠨ ᠵᠡᠷᠭᠡ 41 ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠭᠴᠢᠳ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠲᠠᠮᠢᠷ ᠤᠨ ᠬᠥᠳᠡᠯᠭᠡᠭᠡᠨ ᠤ ᠪᠠᠶᠠᠷ ᠪᠠᠭᠠᠳᠤᠯ ᠢ ᠬᠦᠷᠲᠡᠭᠡᠬᠦ ᠶᠢᠨ ᠬᠠᠮᠲᠤ ᠡᠷᠡᠭᠦᠯ ᠮᠡᠨᠳᠦ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠵᠤᠯ ᠵᠢᠷᠭᠠᠯᠲᠦ ᠲᠦᠷᠦᠭᠳᠡᠯ ᠢ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号