2025 ᠣᠨ ᠤ ᠬᠢᠩᠭᠠᠨ ᠠᠶᠢᠮᠠᠭ ᠤᠨ ᠮᠥᠰᠥ ᠴᠠᠰᠤᠨ ᠤ ᠰᠢᠷᠢᠰ ᠤᠷᠤᠯᠳᠤᠭᠠᠨ ᠲᠡᠭᠦᠰ ᠠᠮᠵᠢᠯᠲᠠ ᠲᠠᠢ ᠦᠨᠳᠤᠷᠯᠡᠪᠡ
ᠨᠡᠶᠢᠲᠡᠯᠡᠭᠰᠡᠨ ᠴᠠᠭ᠄
2025/2/21
        2 ᠰᠠᠷ᠎ᠠ ᠶᠢᠨ 12 ᠤᠨ ᠡᠳᠦᠷ᠂ ᠮᠥᠰᠥ ᠴᠠᠰᠤᠨ ᠤ ᠰᠣᠨᠢᠷᠬᠠᠯᠲᠤ ᠤᠷᠤᠯᠳᠤᠭᠠᠨ ᠤ ᠭᠤᠶᠢᠳᠠ ᠰᠠᠶᠢᠬᠠᠨ ᠲᠡᠭᠦᠰᠭᠦ ᠶᠢ ᠳᠠᠭᠠᠯᠳᠤᠨ᠂ ᠰᠠᠷ᠎ᠠ ᠭᠠᠷᠤᠶ ᠬᠤᠭᠤᠴᠠᠭ᠎ᠠ ᠲᠠᠢ ᠶᠠᠪᠤᠬᠳᠠᠬᠰᠠᠨ ᠬᠢᠩᠭᠠᠨ ᠠᠶᠢᠮᠠᠭ ᠤᠨ ᠮᠥᠰᠥ ᠴᠠᠰᠤᠨ ᠤ ᠰᠢᠷᠢᠰ ᠥᠷᠢᠰᠥᠯᠳᠦᠭᠡᠨ ᠤ ᠤᠷᠤᠯᠳᠤᠭᠠᠨ ᠲᠡᠭᠦᠰ ᠠᠮᠵᠢᠯᠲᠠ ᠲᠠᠢ ᠦᠨᠳᠤᠷᠯᠡᠪᠡ᠃ᠲᠣᠰ ᠤᠳᠠᠭᠠᠨ ᠤ ᠮᠥᠰᠥ ᠴᠠᠰᠤᠨ ᠤ ᠰᠢᠷᠢᠰ ᠥᠷᠢᠰᠥᠯᠳᠦᠭᠡᠨ ᠤ ᠤᠷᠤᠯᠳᠤᠭᠠᠨ ᠨᠢ ᠰᠢᠨ᠎ᠡ ᠵᠢᠯ ᠤᠨ ᠣᠯᠠᠨ ᠨᠡᠶᠢᠲᠡ ᠶᠢᠨ ᠴᠠᠰᠤᠨ ᠳᠤ ᠭᠤᠯᠭᠤᠬᠤ ᠥᠷᠢᠰᠦᠯᠳᠦᠭᠡᠨ ᠤ ᠤᠷᠤᠯᠳᠤᠭᠠᠨ᠂ ᠰᠢᠨ᠎ᠡ ᠵᠢᠯ ᠢ ᠤᠭᠲᠤᠬᠤ ᠣᠯᠠᠨ ᠲᠦᠮᠡᠨ ᠤ ᠮᠥᠰᠥᠨ ᠳᠤ ᠳᠡᠰᠢᠬᠦ ᠤᠷᠤᠯᠳᠤᠭᠠᠨ ᠵᠢᠴᠢ ᠴᠠᠭᠠᠨ ᠰᠠᠷ᠎ᠠ ᠶᠢ ᠤᠭᠲᠤᠬᠤ ᠮᠥᠰᠥ ᠴᠠᠰᠤᠨ ᠤ ᠰᠣᠨᠢᠷᠬᠠᠯᠲᠤ ᠤᠷᠤᠯᠳᠤᠭᠠᠨ ᠵᠠᠷᠬᠡ ᠭᠤᠷᠪᠠᠨ ᠶᠡᠭᠡ ᠭᠤᠤᠯ ᠰᠡᠳᠦᠪᠲᠦ ᠤᠷᠤᠯᠳᠤᠭᠠᠨ ᠬᠤᠪᠢᠶᠠᠨ ᠶᠠᠪᠤᠬᠳᠠᠭᠤᠯᠵᠦ᠂ ᠮᠥᠰᠥ ᠴᠠᠰᠤᠨ ᠤ ᠪᠠᠭ᠋ᠠᠲᠡᠳ ᠲᠤ ᠣᠷᠭᠢᠯᠤᠮ᠎ᠠ ᠬᠠᠯᠠᠭᠤᠨ ᠰᠡᠳᠭᠢᠯᠭᠡ ᠶᠢᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠬᠢᠩᠭᠠᠨ ᠠᠶᠢᠮᠠᠭ ᠤᠨ ᠮᠥᠰᠥ ᠴᠠᠰᠤᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃        1 ᠰᠠᠷ᠎ᠠ ᠶᠢᠨ 10 ᠤ ᠡᠳᠦᠷ ᠠᠴᠠ ᠡᠬᠢᠯᠡᠭᠰᠡᠨ ᠠᠴᠠ ᠨᠠᠭᠠᠰᠢ᠂ ᠲᠣᠰ ᠤᠳᠠᠭᠠᠨ ᠤ ᠰᠢᠷᠢᠰ ᠤᠷᠤᠯᠳᠤᠭᠠᠨ ᠨᠢ ᠮᠠᠰᠢ ᠣᠯᠠᠨ ᠮᠥᠰᠥ ᠴᠠᠰᠤᠨ ᠤ ᠪᠠᠭ᠋ᠠᠲᠠᠳ ᠤᠨ ᠠᠩᠬᠠᠷᠤᠯ ᠢ ᠲᠠᠲᠠᠵᠠᠶ᠃ ᠡᠬᠦᠨ ᠳᠤ ᠴᠠᠰᠤᠨ ᠳᠤ ᠭᠤᠯᠭᠤᠬᠤ ᠲᠦᠷᠦᠯ ᠵᠦᠢᠯ ᠳᠤ 1968 ᠲᠠᠮᠢᠷᠴᠢᠨ ᠤᠷᠤᠯᠴᠠᠵᠦ᠂ ᠮᠥᠰᠥᠨ ᠳᠤ ᠳᠡᠰᠢᠬᠦ ᠲᠦᠷᠦᠯ ᠵᠦᠢᠯ ᠳᠤ 1580 ᠲᠠᠮᠢᠷᠴᠢᠨ ᠤᠷᠤᠯᠴᠠᠵᠦ᠂ ᠰᠤᠨᠢᠷᠬᠠᠯᠳᠦ ᠤᠷᠤᠯᠳᠤᠭᠠᠨ ᠳᠤ 736 ᠲᠠᠮᠢᠷᠴᠢᠨ ᠢᠳᠡᠪᠬᠢᠲᠠᠢ ᠣᠷᠤᠯᠴᠠᠬᠰᠠᠨ ᠪᠠᠶᠢᠨ᠎ᠠ᠃ ᠡᠲᠡᠭᠡᠷ ᠤᠷᠤᠯᠳᠤᠭᠠᠨ ᠨᠢ ᠮᠥᠰᠥ ᠴᠠᠰᠤᠨ ᠤ ᠪᠠᠭᠠᠲᠠᠳ ᠪᠠ ᠬᠤᠲᠠ ᠶᠢᠨ ᠠᠷᠠᠳ ᠤᠨ ᠣᠷᠣᠯᠴᠠᠬᠤ ᠬᠠᠯᠠᠭᠤᠨ ᠰᠡᠳᠭᠢᠯᠭᠡ ᠶᠢ ᠬᠥᠭᠵᠢᠭᠡᠭᠰᠡᠨ ᠢᠶᠠᠷ ᠪᠠᠷᠠᠬᠤ ᠥᠬᠡᠢ᠂ ᠨᠠᠩ ᠴᠤ ᠰᠢᠨ᠎ᠠ ᠵᠢᠯ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠩ ᠢᠯᠡᠭᠦᠦ ᠦᠳᠭᠡᠷᠡᠭᠦᠯᠦᠭᠰᠡᠨ ᠪᠠᠶᠢᠨ᠎ᠠ᠃        ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠬᠢᠩᠭᠠᠨ ᠠᠶᠢᠮᠠᠭ ᠤᠨ ᠮᠥᠰᠥ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠵᠦ᠂ ᠬᠢᠩᠭᠠᠨ ᠠᠶᠢᠮᠠᠭ ᠤᠨ ᠮᠦᠰᠦ ᠴᠠᠰᠤᠨ ᠤ ᠲᠠᠮᠢᠷ ᠤᠨ ᠬᠦᠳᠡᠯᠭᠡᠭᠡᠨ ᠤ ᠰᠤᠩᠭᠤᠯᠲᠠ ᠶᠢᠨ ᠭᠠᠵᠠᠷ ᠪᠤᠯᠵᠤ᠂ ᠢᠷᠡᠭᠡᠳᠦᠢ ᠶᠢᠨ ᠮᠦᠰᠦ ᠴᠠᠰᠤᠨ ᠤ ᠵᠢᠭᠤᠯᠴᠢᠯᠠᠯ ᠪᠠ ᠰᠤᠶᠤᠯ ᠢ ᠲᠡᠯᠭᠡᠷᠡᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠵᠠᠢ᠃ ︵ᠯᠢᠶ᠋ᠨᠨ ᠪᠤᠤ   ᠲᠤᠤ ᠲᠤᠤ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号