ᠮᠡᠷᠭᠡᠵᠢᠯ ᠤᠨ ᠪᠣᠯᠪᠠᠰᠤᠷᠠᠯ ᠬᠦᠷᠲᠡᠭᠡᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2025/2/24
        ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠰᠠᠶᠢᠬᠠᠨ ᠶᠠᠪᠤᠭᠳᠠᠵᠤ ᠪᠠᠶᠢᠨ᠎ᠠ᠂ ᠥᠷᠭᠡᠨ ᠣᠯᠠᠨ ᠲᠠᠷᠢᠶᠠᠴᠢᠳ ᠤᠨ ᠤᠰᠤᠨ ᠲᠤᠲᠤᠷᠭ᠎ᠠ ᠳᠠᠷᠢᠬᠤ ᠮᠡᠷᠭᠡᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠤᠰᠤᠨ ᠲᠤᠲᠤᠷᠭ᠎ᠠ ᠶᠢᠨ ᠪᠣᠬᠢᠷᠲᠤᠯ ᠥᠬᠡᠶ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠠᠬᠢᠭᠤᠯᠵᠤ᠂ ᠲᠠᠷᠢᠶᠠᠴᠢᠳ ᠤᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ ᠲᠤᠰᠠᠯᠠᠬᠤ ᠶᠢᠨ ᠲᠥᠯᠥᠭᠡ᠂ 2 ᠰᠠᠷ᠎ᠠ ᠶᠢᠨ 23 ᠤ ᠡᠳᠦᠷ᠂ ᠤᠰᠤᠨ ᠲᠤᠲᠤᠷᠭ᠎ᠠ ᠶᠢ ᠬᠠᠭᠤᠷᠠᠶ ᠪᠠᠷ ᠳᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠳᠠᠷᠢᠬᠤ ᠰᠢᠨ᠎ᠡ ᠮᠡᠷᠭᠡᠵᠢᠯ ᠤᠨ ᠪᠣᠯᠪᠠᠰᠤᠷᠠᠯ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠶᠢᠦ ᠢ ᠭᠠᠴᠠᠭ᠎ᠠ ᠳᠤ ᠵᠢᠩᠬᠢᠨᠢ ᠪᠠᠷ ᠡᠬᠢᠯᠡᠪᠡ᠃ ᠲᠣᠰ ᠤᠳᠠᠭᠠᠨ ᠤ ᠪᠣᠯᠪᠠᠰᠤᠷᠠᠯ ᠨᠢ ᠠᠶᠢᠮᠠᠭ ᠤᠨ ᠠᠬᠠᠮᠠᠳ ᠰᠢᠨᠵᠢᠯᠡᠬᠦ ᠤᠬᠠᠭᠠᠠᠲᠠᠨ ᠤ ᠨᠡᠶᠢᠭᠡᠮᠯᠢᠭ ᠤᠨ ᠫᠢᠶᠣᠣ ᠶᠦᠩ ᠵᠢᠶ ᠪᠠᠭᠰᠢ ︵ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ︶ ᠶᠢ ᠲᠤᠰᠬᠠᠶᠢᠯᠠᠨ ᠤᠷᠢᠵᠤ ᠲᠤᠬᠠᠶ ᠶᠢᠨ ᠲᠠᠯᠠᠪᠤᠷ ᠲᠤ ᠬᠢᠴᠢᠶᠡᠯ ᠣᠷᠣᠭᠤᠯᠵᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠠᠵᠢᠯᠲᠠᠨ ᠵᠢᠴᠢ ᠡᠯ᠎ᠡ ᠭᠠᠴᠠᠭᠠᠨ ᠤ ᠤᠰᠤᠨ ᠲᠤᠲᠤᠷᠭ᠎ᠠ ᠳᠠᠷᠢᠬᠤ ᠡᠷᠦᠬᠡ ᠶᠢᠨ ᠲᠥᠯᠥᠭᠡᠯᠡᠭᠴᠢ ᠶᠢ ᠪᠣᠯᠪᠠᠰᠤᠷᠠᠯ ᠳᠤ ᠣᠷᠣᠯᠴᠠᠪᠠ᠃
1.jpg
        ᠪᠣᠯᠪᠠᠰᠤᠷᠠᠯ ᠤᠨ ᠲᠤᠬᠠᠶ ᠶᠢᠨ ᠲᠠᠯᠠᠪᠠᠶ  ᠫᠢᠶᠣᠣ ᠶᠦᠩ ᠵᠢᠶ ᠪᠠᠭᠰᠢ ᠤᠰᠤᠨ ᠲᠤᠲᠤᠷᠭ᠎ᠠ ᠶᠢ ᠬᠠᠭᠤᠷᠠᠶ ᠪᠠᠷ ᠲᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠲᠠᠷᠢᠬᠤ ᠮᠡᠷᠭᠡᠵᠢᠯ ᠢ ᠨᠠᠷᠢᠨ ᠲᠠᠶᠢᠯᠪᠤᠷᠢᠯᠠᠵᠤ᠂ ᠭᠠᠵᠠᠷ ᠲᠡᠭᠰᠢᠯᠡᠬᠦ᠂ ᠳᠠᠷᠢᠬᠤ᠂  ᠡᠰᠢ ᠰᠦᠷᠡᠯ ᠡᠪᠡᠰᠦ ᠠᠷᠢᠯᠭᠠᠬᠤ᠂ ᠤᠰᠤ ᠪᠣᠷᠳᠣᠭᠤᠷ ᠤᠨ ᠬᠠᠮᠢᠶᠠᠷᠤᠯᠲᠠ᠂ ᠲᠠᠷᠢᠶᠠᠨ ᠭᠠᠵᠠᠷ ᠤᠨ ᠪᠠᠶᠢᠴᠠᠭᠠᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠳᠠᠷᠢᠵᠤ ᠪᠤᠶᠢᠵᠢᠭᠤᠯᠬᠤ ᠮᠡᠷᠭᠡᠵᠢᠯ ᠤᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠵᠡᠶ᠃ ᠪᠣᠯᠪᠠᠰᠤᠷᠠᠯ ᠤᠨ ᠶᠠᠪᠤᠴᠠ ᠳᠤ᠂ ᠫᠢᠶᠣᠣ ᠪᠠᠭᠰᠢ ᠪᠠᠰᠠ ᠲᠠᠷᠢᠶᠠᠴᠢᠨ ᠡᠷᠦᠬᠡ ᠲᠠᠢ ᠰᠠᠨᠠᠯ ᠢᠶᠠᠨ ᠰᠣᠯᠢᠯᠴᠠᠵᠤ᠂ ᠲᠠᠷᠢᠶᠠᠴᠢᠨ ᠡᠷᠦᠬᠡ ᠶᠢᠨ ᠪᠣᠳᠠᠲᠠᠶ ᠲᠠᠷᠢᠮᠠᠯ ᠤᠨ ᠶᠠᠪᠤᠴᠠ ᠳᠤ ᠲᠣᠬᠢᠶᠠᠯᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠂ ᠪᠣᠯᠪᠠᠰᠤᠷᠠᠯ ᠤᠨ ᠪᠣᠳᠠᠲᠤ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢ ᠦᠨᠡᠨ ᠬᠦ ᠪᠠᠲᠤᠯᠠᠭᠰᠠᠨ ᠪᠠᠶᠢᠨ᠎ᠠ᠃        ︽ᠥᠩᠭᠡᠷᠡᠭᠰᠡᠨ ᠳᠤ ᠤᠰᠤᠨ ᠲᠤᠲᠤᠷᠭ᠎ᠠ ᠲᠠᠷᠢᠬᠤ ᠳᠤ ᠪᠦᠷ ᠲᠩᠷᠢ ᠶᠢᠨ ᠴᠢᠷᠠᠶ ᠶᠢ ᠬᠠᠷᠠᠵᠤ ᠠᠮᠢᠳᠤᠷᠠᠳᠠᠭ ᠪᠠᠶᠢᠭᠰᠠᠨ᠂ ᠤᠳᠤ ᠰᠢᠨ᠎ᠡ ᠮᠡᠷᠭᠡᠵᠢᠯ ᠲᠠᠢ ᠪᠣᠯᠤᠭᠰᠠᠨ ᠠᠴᠠ ᠳᠣᠲᠣᠷ᠎ᠠ ᠪᠠᠨ ᠨᠡᠩ ᠲᠤᠭ᠎ᠠ ᠲᠠᠢ ᠪᠣᠯᠵᠠᠶ︕︾ ᠭᠡᠵᠦ ᠪᠣᠯᠪᠠᠰᠤᠷᠠᠯ ᠳᠤ ᠣᠷᠣᠯᠴᠠᠭᠰᠠᠨ ᠲᠠᠷᠢᠶᠠᠴᠢᠨ ᠡᠷᠦᠭᠡ ᠪᠠᠶᠠᠷᠲᠠᠢ ᠪᠠᠷ ᠬᠡᠯᠡᠨ᠎ᠡ᠃ ᠣᠶᠢᠯᠠᠭᠠᠭᠰᠠᠨ ᠢᠶᠠᠷ᠂ ᠤᠰᠤᠨ ᠲᠤᠲᠤᠷᠭ᠎ᠠ ᠶᠢ ᠬᠠᠭᠤᠷᠠᠶ ᠪᠠᠷ ᠳᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠳᠠᠷᠢᠬᠤ ᠮᠡᠷᠭᠡᠵᠢᠯ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠤᠰᠤᠨ ᠲᠤᠲᠤᠷᠭ᠎ᠠ ᠳᠠᠷᠢᠬᠤ ᠵᠠᠭᠪᠤᠷ ᠮᠥᠨ᠂ ᠲᠡᠷᠡ ᠨᠢ ᠴᠠᠭ ᠲᠤ ᠠᠷᠪᠢᠲᠠᠶ᠂ ᠬᠦᠴᠦᠨ ᠳᠤ ᠠᠷᠪᠢᠲᠠᠶ᠂ ᠤᠰᠤᠨ ᠳᠤ ᠠᠷᠪᠢᠲᠠᠶ᠂ ᠪᠣᠷᠲᠣᠭᠤᠷ ᠲᠤ ᠠᠷᠪᠢᠲᠠᠶ ᠵᠡᠷᠭᠡ ᠳᠠᠪᠠᠭᠤᠯᠢᠭ ᠲᠠᠯ᠎ᠠ ᠲᠠᠢ ᠶᠤᠮ᠃ ᠤᠯᠠᠮᠵᠢᠯᠠᠯᠲᠤ ᠤᠰᠤᠨ ᠲᠤᠲᠤᠷᠭ᠎ᠠ ᠳᠠᠷᠢᠬᠤ ᠠᠷᠭ᠎ᠠ ᠲᠠᠢ ᠬᠠᠷᠢᠴᠠᠭᠤᠯᠪᠠᠯ᠂ ᠲᠣᠰ ᠮᠡᠷᠭᠡᠵᠢᠯ ᠨᠢ ᠴᠢᠬᠢ ᠪᠤᠶᠢᠵᠢᠭᠤᠯᠤᠨ ᠴᠢᠬᠢ ᠰᠠᠭᠤᠯᠭᠠᠬᠤ ᠴᠢᠬᠤᠯᠠ ᠥᠬᠡᠶ᠂ ᠰᠢᠭᠤᠳ ᠬᠠᠭᠤᠷᠠᠶ ᠭᠠᠵᠠᠷ ᠲᠤ ᠳᠠᠷᠢᠵᠤ ᠪᠣᠯᠬᠤ ᠪᠥᠭᠡᠳ ᠤᠰᠤᠯᠠᠯᠲᠠ ᠶᠢᠨ ᠰᠢᠰᠲ᠋ᠧᠮ ᠢᠶᠠᠷ ᠳᠡᠮᠵᠢᠨ ᠤᠰᠤᠨ ᠤ ᠬᠡᠮᠵᠢᠶ᠎ᠡ ᠶᠢ ᠣᠨᠣᠪᠴᠢᠲᠠᠶ ᠡᠵᠡᠮᠳᠡᠵᠦ᠂ ᠤᠰᠤᠨ ᠤ ᠡᠬᠢ ᠪᠠᠶᠠᠯᠢᠭ ᠢ ᠪᠦᠲᠦᠮᠵᠢᠲᠡᠶ ᠠᠷᠪᠢᠯᠠᠨ᠎ᠠ᠃ ᠡᠭᠦᠨ ᠤ ᠬᠠᠮᠲᠤ ᠲᠤᠰ ᠮᠡᠷᠭᠡᠵᠢᠯ ᠨᠢ ᠪᠠᠰᠠ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠤᠨ ᠬᠡᠷᠡᠭᠯᠡᠭᠡᠨ ᠤ ᠬᠡᠮᠵᠢᠶ᠎ᠡ ᠶᠢ ᠪᠠᠭᠠᠰᠬᠠᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠤᠨ᠂ ᠤᠰᠤᠨ ᠲᠤᠲᠤᠷᠭ᠎ᠠ ᠶᠢᠨ ᠴᠢᠨᠠᠷ ᠢ ᠳᠡᠭᠡᠭᠰᠢᠯᠡᠭᠦᠯᠵᠦ ᠴᠢᠳᠠᠨ᠎ᠠ᠃
2.jpg
        ᠲᠣᠰ ᠤᠳᠠᠭᠠᠨ ᠤ ᠪᠣᠯᠪᠠᠰᠤᠷᠠᠯ ᠨᠢ ᠭᠡᠭᠡᠨᠰᠦ᠋ᠮ᠎ᠡ ᠪᠠᠯᠭᠠᠰᠤᠨ ᠤ ᠤᠰᠤᠨ ᠲᠤᠲᠤᠷᠭ᠎ᠠ ᠳᠠᠷᠢᠬᠤ ᠡᠷᠦᠬᠡ ᠳᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠣᠯᠭᠤᠵᠤ᠂ ᠤᠰᠤᠨ ᠲᠤᠲᠤᠷᠭ᠎ᠠ ᠶᠢᠨ ᠬᠠᠭᠤᠷᠠᠶ ᠪᠠᠷ ᠳᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠳᠠᠷᠢᠬᠤ ᠮᠡᠷᠭᠡᠵᠢᠯ ᠤᠨ ᠲᠦᠭᠡᠮᠡᠯᠵᠢᠯᠲᠡ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠶᠢᠨ ᠬᠢᠨ ᠦᠷᠭᠦᠯᠵᠢᠯᠡᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠣᠴᠢᠭᠤᠯᠤᠨ ᠲᠠᠷᠢᠶᠠᠨ ᠠᠵᠢᠯ ᠤᠨ ᠴᠠᠭ ᠢ ᠠᠮᠵᠢᠭᠤᠯᠵᠤ᠂ ᠤᠰᠤᠨ ᠲᠤᠲᠤᠷᠭ᠎ᠠ ᠲᠠᠷᠢᠵᠤ ᠥᠨᠳᠥᠷ ᠤᠨᠠᠯᠲᠠ ᠲᠠᠢ ᠪᠣᠯᠭᠠᠬᠤ ᠮᠡᠷᠭᠡᠵᠢᠯ ᠤᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠬᠠᠨᠳᠤᠯᠭᠠᠲᠤ ᠴᠢᠨᠠᠷᠲᠠᠢ ᠪᠠᠷ ᠮᠡᠷᠭᠡᠵᠢᠯ ᠤᠨ ᠵᠢᠯᠤᠭᠤᠳᠤᠯᠭ᠎ᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠭᠡᠭᠡᠨᠰᠦ᠋ᠮ᠎ᠡ ᠪᠠᠯᠭᠠᠰᠤ​
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号