| ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠰᠠᠶᠢᠬᠠᠨ ᠶᠠᠪᠤᠭᠳᠠᠵᠤ ᠪᠠᠶᠢᠨ᠎ᠠ᠂ ᠥᠷᠭᠡᠨ ᠣᠯᠠᠨ | ᠲᠠᠷᠢᠶᠠᠴᠢᠳ ᠤᠨ ᠤᠰᠤᠨ ᠲᠤᠲᠤᠷᠭ᠎ᠠ ᠳᠠᠷᠢᠬᠤ ᠮᠡᠷᠭᠡᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ | ᠲᠤᠲᠤᠷᠭ᠎ᠠ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠤᠰᠤᠨ ᠲᠤᠲᠤᠷᠭ᠎ᠠ ᠶᠢᠨ | ᠪᠣᠬᠢᠷᠲᠤᠯ ᠥᠬᠡᠶ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠠᠬᠢᠭᠤᠯᠵᠤ᠂ ᠲᠠᠷᠢᠶᠠᠴᠢᠳ ᠤᠨ ᠭᠠᠷᠤᠯᠲᠠ ᠶᠢ | ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ ᠲᠤᠰᠠᠯᠠᠬᠤ ᠶᠢᠨ ᠲᠥᠯᠥᠭᠡ᠂ 2 ᠰᠠᠷ᠎ᠠ ᠶᠢᠨ 23 ᠤ ᠡᠳᠦᠷ᠂ | ᠤᠰᠤᠨ ᠲᠤᠲᠤᠷᠭ᠎ᠠ ᠶᠢ ᠬᠠᠭᠤᠷᠠᠶ ᠪᠠᠷ ᠳᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠳᠠᠷᠢᠬᠤ ᠰᠢᠨ᠎ᠡ | ᠮᠡᠷᠭᠡᠵᠢᠯ ᠤᠨ ᠪᠣᠯᠪᠠᠰᠤᠷᠠᠯ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠶᠢᠦ ᠢ ᠭᠠᠴᠠᠭ᠎ᠠ ᠳᠤ ᠵᠢᠩᠬᠢᠨᠢ ᠪᠠᠷ | ᠡᠬᠢᠯᠡᠪᠡ᠃ ᠲᠣᠰ ᠤᠳᠠᠭᠠᠨ ᠤ ᠪᠣᠯᠪᠠᠰᠤᠷᠠᠯ ᠨᠢ ᠠᠶᠢᠮᠠᠭ ᠤᠨ ᠠᠬᠠᠮᠠᠳ ᠰᠢᠨᠵᠢᠯᠡᠬᠦ ᠤᠬᠠᠭᠠᠠᠲᠠᠨ ᠤ | ᠨᠡᠶᠢᠭᠡᠮᠯᠢᠭ ᠤᠨ ᠫᠢᠶᠣᠣ ᠶᠦᠩ ᠵᠢᠶ ᠪᠠᠭᠰᠢ ︵ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠰᠤᠳᠤᠯᠭᠠᠨ ᠤ | ᠬᠦᠷᠢᠶᠡᠯᠡᠩ ᠤᠨ ᠲᠤᠰᠬᠠᠶ ᠮᠡᠷᠭᠡᠵᠢᠯᠲᠡᠨ︶ ᠶᠢ ᠲᠤᠰᠬᠠᠶᠢᠯᠠᠨ ᠤᠷᠢᠵᠤ ᠲᠤᠬᠠᠶ ᠶᠢᠨ ᠲᠠᠯᠠᠪᠤᠷ ᠲᠤ ᠬᠢᠴᠢᠶᠡᠯ | ᠣᠷᠣᠭᠤᠯᠵᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ | ᠲᠥᠪ ᠤᠨ ᠠᠵᠢᠯᠲᠠᠨ ᠵᠢᠴᠢ ᠡᠯ᠎ᠡ ᠭᠠᠴᠠᠭᠠᠨ ᠤ ᠤᠰᠤᠨ ᠲᠤᠲᠤᠷᠭ᠎ᠠ ᠳᠠᠷᠢᠬᠤ ᠡᠷᠦᠬᠡ ᠶᠢᠨ ᠲᠥᠯᠥᠭᠡᠯᠡᠭᠴᠢ ᠶᠢ | ᠪᠣᠯᠪᠠᠰᠤᠷᠠᠯ ᠳᠤ ᠣᠷᠣᠯᠴᠠᠪᠠ᠃ | | | | | ᠪᠣᠯᠪᠠᠰᠤᠷᠠᠯ ᠤᠨ ᠲᠤᠬᠠᠶ ᠶᠢᠨ ᠲᠠᠯᠠᠪᠠᠶ ᠫᠢᠶᠣᠣ ᠶᠦᠩ ᠵᠢᠶ ᠪᠠᠭᠰᠢ ᠤᠰᠤᠨ ᠲᠤᠲᠤᠷᠭ᠎ᠠ ᠶᠢ | ᠬᠠᠭᠤᠷᠠᠶ ᠪᠠᠷ ᠲᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ ᠲᠠᠷᠢᠬᠤ ᠮᠡᠷᠭᠡᠵᠢᠯ ᠢ ᠨᠠᠷᠢᠨ ᠲᠠᠶᠢᠯᠪᠤᠷᠢᠯᠠᠵᠤ᠂ | ᠭᠠᠵᠠᠷ ᠲᠡᠭᠰᠢᠯᠡᠬᠦ᠂ ᠳᠠᠷᠢᠬᠤ᠂ ᠡᠰᠢ ᠰᠦᠷᠡᠯ ᠡᠪᠡᠰᠦ ᠠᠷᠢᠯᠭᠠᠬᠤ᠂ ᠤᠰᠤ ᠪᠣᠷᠳᠣᠭᠤᠷ ᠤᠨ ᠬᠠᠮᠢᠶᠠᠷᠤᠯᠲᠠ᠂ | ᠲᠠᠷᠢᠶᠠᠨ ᠭᠠᠵᠠᠷ ᠤᠨ ᠪᠠᠶᠢᠴᠠᠭᠠᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ | ᠳᠠᠷᠢᠵᠤ ᠪᠤᠶᠢᠵᠢᠭᠤᠯᠬᠤ ᠮᠡᠷᠭᠡᠵᠢᠯ ᠤᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠵᠡᠶ᠃ ᠪᠣᠯᠪᠠᠰᠤᠷᠠᠯ ᠤᠨ | ᠶᠠᠪᠤᠴᠠ ᠳᠤ᠂ ᠫᠢᠶᠣᠣ ᠪᠠᠭᠰᠢ ᠪᠠᠰᠠ ᠲᠠᠷᠢᠶᠠᠴᠢᠨ ᠡᠷᠦᠬᠡ ᠲᠠᠢ ᠰᠠᠨᠠᠯ ᠢᠶᠠᠨ ᠰᠣᠯᠢᠯᠴᠠᠵᠤ᠂ ᠲᠠᠷᠢᠶᠠᠴᠢᠨ | ᠡᠷᠦᠬᠡ ᠶᠢᠨ ᠪᠣᠳᠠᠲᠠᠶ ᠲᠠᠷᠢᠮᠠᠯ ᠤᠨ ᠶᠠᠪᠤᠴᠠ ᠳᠤ ᠲᠣᠬᠢᠶᠠᠯᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ | ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ | ᠂ ᠪᠣᠯᠪᠠᠰᠤᠷᠠᠯ ᠤᠨ ᠪᠣᠳᠠᠲᠤ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢ ᠦᠨᠡᠨ ᠬᠦ ᠪᠠᠲᠤᠯᠠᠭᠰᠠᠨ ᠪᠠᠶᠢᠨ᠎ᠠ᠃ | ︽ᠥᠩᠭᠡᠷᠡᠭᠰᠡᠨ ᠳᠤ ᠤᠰᠤᠨ ᠲᠤᠲᠤᠷᠭ᠎ᠠ ᠲᠠᠷᠢᠬᠤ ᠳᠤ ᠪᠦᠷ ᠲᠩᠷᠢ ᠶᠢᠨ ᠴᠢᠷᠠᠶ ᠶᠢ ᠬᠠᠷᠠᠵᠤ | ᠠᠮᠢᠳᠤᠷᠠᠳᠠᠭ ᠪᠠᠶᠢᠭᠰᠠᠨ᠂ ᠤᠳᠤ ᠰᠢᠨ᠎ᠡ ᠮᠡᠷᠭᠡᠵᠢᠯ ᠲᠠᠢ ᠪᠣᠯᠤᠭᠰᠠᠨ ᠠᠴᠠ ᠳᠣᠲᠣᠷ᠎ᠠ ᠪᠠᠨ ᠨᠡᠩ ᠲᠤᠭ᠎ᠠ ᠲᠠᠢ | ᠪᠣᠯᠵᠠᠶ︕︾ ᠭᠡᠵᠦ ᠪᠣᠯᠪᠠᠰᠤᠷᠠᠯ ᠳᠤ ᠣᠷᠣᠯᠴᠠᠭᠰᠠᠨ ᠲᠠᠷᠢᠶᠠᠴᠢᠨ ᠡᠷᠦᠭᠡ ᠪᠠᠶᠠᠷᠲᠠᠢ ᠪᠠᠷ ᠬᠡᠯᠡᠨ᠎ᠡ᠃ | ᠣᠶᠢᠯᠠᠭᠠᠭᠰᠠᠨ ᠢᠶᠠᠷ᠂ ᠤᠰᠤᠨ ᠲᠤᠲᠤᠷᠭ᠎ᠠ ᠶᠢ ᠬᠠᠭᠤᠷᠠᠶ ᠪᠠᠷ ᠳᠠᠷᠢᠬᠤ ᠤᠰᠤᠨ ᠬᠤᠭᠤᠯᠠᠶ ᠶᠢᠨ ᠤᠰᠤ ᠠᠷᠪᠢᠯᠠᠵᠤ | ᠳᠠᠷᠢᠬᠤ ᠮᠡᠷᠭᠡᠵᠢᠯ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠤᠰᠤᠨ ᠲᠤᠲᠤᠷᠭ᠎ᠠ ᠳᠠᠷᠢᠬᠤ ᠵᠠᠭᠪᠤᠷ ᠮᠥᠨ᠂ | ᠲᠡᠷᠡ ᠨᠢ ᠴᠠᠭ ᠲᠤ ᠠᠷᠪᠢᠲᠠᠶ᠂ ᠬᠦᠴᠦᠨ ᠳᠤ ᠠᠷᠪᠢᠲᠠᠶ᠂ ᠤᠰᠤᠨ ᠳᠤ ᠠᠷᠪᠢᠲᠠᠶ᠂ ᠪᠣᠷᠲᠣᠭᠤᠷ ᠲᠤ ᠠᠷᠪᠢᠲᠠᠶ | ᠵᠡᠷᠭᠡ ᠳᠠᠪᠠᠭᠤᠯᠢᠭ ᠲᠠᠯ᠎ᠠ ᠲᠠᠢ ᠶᠤᠮ᠃ ᠤᠯᠠᠮᠵᠢᠯᠠᠯᠲᠤ ᠤᠰᠤᠨ ᠲᠤᠲᠤᠷᠭ᠎ᠠ ᠳᠠᠷᠢᠬᠤ ᠠᠷᠭ᠎ᠠ ᠲᠠᠢ ᠬᠠᠷᠢᠴᠠᠭᠤᠯᠪᠠᠯ᠂ | ᠲᠣᠰ ᠮᠡᠷᠭᠡᠵᠢᠯ ᠨᠢ ᠴᠢᠬᠢ ᠪᠤᠶᠢᠵᠢᠭᠤᠯᠤᠨ ᠴᠢᠬᠢ ᠰᠠᠭᠤᠯᠭᠠᠬᠤ ᠴᠢᠬᠤᠯᠠ ᠥᠬᠡᠶ᠂ ᠰᠢᠭᠤᠳ ᠬᠠᠭᠤᠷᠠᠶ | ᠭᠠᠵᠠᠷ ᠲᠤ ᠳᠠᠷᠢᠵᠤ ᠪᠣᠯᠬᠤ ᠪᠥᠭᠡᠳ ᠤᠰᠤᠯᠠᠯᠲᠠ ᠶᠢᠨ ᠰᠢᠰᠲ᠋ᠧᠮ ᠢᠶᠠᠷ ᠳᠡᠮᠵᠢᠨ ᠤᠰᠤᠨ ᠤ ᠬᠡᠮᠵᠢᠶ᠎ᠡ ᠶᠢ | ᠣᠨᠣᠪᠴᠢᠲᠠᠶ ᠡᠵᠡᠮᠳᠡᠵᠦ᠂ ᠤᠰᠤᠨ ᠤ ᠡᠬᠢ ᠪᠠᠶᠠᠯᠢᠭ ᠢ ᠪᠦᠲᠦᠮᠵᠢᠲᠡᠶ ᠠᠷᠪᠢᠯᠠᠨ᠎ᠠ᠃ ᠡᠭᠦᠨ ᠤ ᠬᠠᠮᠲᠤ ᠲᠤᠰ | ᠮᠡᠷᠭᠡᠵᠢᠯ ᠨᠢ ᠪᠠᠰᠠ ᠬᠢᠮᠢ ᠶᠢᠨ ᠪᠤᠷᠳᠤᠭᠤᠷ ᠪᠣᠯᠤᠨ ᠲᠠᠷᠢᠶᠠᠨ ᠡᠮ ᠤᠨ ᠬᠡᠷᠡᠭᠯᠡᠭᠡᠨ ᠤ ᠬᠡᠮᠵᠢᠶ᠎ᠡ ᠶᠢ ᠪᠠᠭᠠᠰᠬᠠᠵᠤ᠂ | ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠤᠨ᠂ ᠤᠰᠤᠨ ᠲᠤᠲᠤᠷᠭ᠎ᠠ ᠶᠢᠨ ᠴᠢᠨᠠᠷ ᠢ ᠳᠡᠭᠡᠭᠰᠢᠯᠡᠭᠦᠯᠵᠦ | ᠴᠢᠳᠠᠨ᠎ᠠ᠃ | | | | | ᠲᠣᠰ ᠤᠳᠠᠭᠠᠨ ᠤ ᠪᠣᠯᠪᠠᠰᠤᠷᠠᠯ ᠨᠢ ᠭᠡᠭᠡᠨᠰᠦ᠋ᠮ᠎ᠡ ᠪᠠᠯᠭᠠᠰᠤᠨ ᠤ ᠤᠰᠤᠨ ᠲᠤᠲᠤᠷᠭ᠎ᠠ ᠳᠠᠷᠢᠬᠤ | ᠡᠷᠦᠬᠡ ᠳᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠣᠯᠭᠤᠵᠤ᠂ ᠤᠰᠤᠨ ᠲᠤᠲᠤᠷᠭ᠎ᠠ ᠶᠢᠨ ᠬᠠᠭᠤᠷᠠᠶ ᠪᠠᠷ ᠳᠠᠷᠢᠬᠤ | ᠤᠰᠤᠨ ᠬᠤᠭᠤᠯᠠᠶ ᠶᠢᠨ ᠤᠰᠤ ᠠᠷᠪᠢᠯᠠᠵᠤ ᠳᠠᠷᠢᠬᠤ ᠮᠡᠷᠭᠡᠵᠢᠯ ᠤᠨ ᠲᠦᠭᠡᠮᠡᠯᠵᠢᠯᠲᠡ ᠪᠠ ᠬᠡᠷᠡᠭᠯᠡᠯᠲᠡ ᠶᠢ ᠤᠯᠠᠮ | ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠶᠢᠨ ᠬᠢᠨ | ᠦᠷᠭᠦᠯᠵᠢᠯᠡᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ | ᠣᠴᠢᠭᠤᠯᠤᠨ ᠲᠠᠷᠢᠶᠠᠨ ᠠᠵᠢᠯ ᠤᠨ ᠴᠠᠭ ᠢ ᠠᠮᠵᠢᠭᠤᠯᠵᠤ᠂ ᠤᠰᠤᠨ ᠲᠤᠲᠤᠷᠭ᠎ᠠ ᠲᠠᠷᠢᠵᠤ ᠥᠨᠳᠥᠷ ᠤᠨᠠᠯᠲᠠ ᠲᠠᠢ | ᠪᠣᠯᠭᠠᠬᠤ ᠮᠡᠷᠭᠡᠵᠢᠯ ᠤᠨ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠬᠠᠨᠳᠤᠯᠭᠠᠲᠤ ᠴᠢᠨᠠᠷᠲᠠᠢ ᠪᠠᠷ ᠮᠡᠷᠭᠡᠵᠢᠯ ᠤᠨ | ᠵᠢᠯᠤᠭᠤᠳᠤᠯᠭ᠎ᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | | | | |