ᠬᠢᠩᠭᠠᠨ ᠠᠶᠢᠮᠠᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠰ ᠢ ᠴᠢᠪᠬᠠᠳᠠᠨ᠎ᠠ
ᠨᠡᠶᠢᠲᠡᠯᠡᠭᠰᠡᠨ ᠴᠠᠭ᠄
2025/2/25
        — ᠮᠠᠯᠴᠢᠨ ᠲᠠᠷᠢᠶᠠᠴᠢᠨ ᠢ ᠬᠥᠲᠥᠯᠦᠨ ᠵᠢᠯᠤᠭᠤᠳᠴᠦ ᠣᠯᠠᠨ ᠲᠥᠷᠥᠯ ᠬᠡᠯᠪᠡᠷᠢ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠵᠦ᠂ ︽ᠨᠢᠭᠡ ᠰᠢᠶᠠᠩ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠲᠥᠷᠥᠯ ᠵᠦᠢᠯ︾ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠣᠶ ᠪᠣᠯᠭᠠᠵᠠᠢ᠃        — ᠠᠭᠯᠠᠭ ᠠᠭᠤᠯᠠ ᠶᠢᠨ ᠤᠨᠠᠯᠲᠠ ᠪᠠᠭᠠᠲᠠᠶ ᠤᠢ ᠶᠢ ᠥᠭᠡᠷᠡᠴᠢᠯᠡᠬᠦ᠂ ᠠᠵᠤ ᠠᠬᠤᠶ ᠶᠢᠨ ᠤᠢ ᠶᠢ ᠤᠶᠢᠵᠢᠭᠤᠯᠬᠤ᠂ ᠤᠢ ᠰᠢᠭᠤᠢ ᠶᠢᠨ ᠠᠵᠤ ᠠᠬᠤᠶ ᠶᠢ ᠬᠦᠭᠵᠢᠭᠦᠯᠬᠦ ᠵᠡᠷᠭᠡ ᠲᠥᠷᠥᠯ ᠢ ᠬᠡᠷᠡᠭᠵᠢᠭᠦᠯᠵᠦ᠂ ᠠᠭᠯᠠᠭ ᠠᠭᠤᠯᠠ ᠠᠴᠠ ᠠᠰᠢᠭ ᠣᠷᠣᠯᠭ᠎ᠠ ᠣᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠨᠠᠶᠢᠳᠠᠪᠤᠷᠢᠵᠢᠭᠤᠯᠪᠠ᠃        — ᠲᠠᠭᠠᠭᠤᠯᠤᠬᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠳᠤᠬᠠᠶᠢᠯᠠᠬᠰᠠᠨ ᠠᠵᠢᠯ ᠤᠨ ᠲᠣᠮᠣ ᠡᠷᠦᠬᠡ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠬᠢᠭᠡᠳ ᠮᠠᠯᠵᠢᠬᠤ ᠲᠠᠷᠢᠶᠠᠯᠠᠬᠤ ᠡᠷᠦᠬᠡ ᠲᠠᠢ ᠠᠵᠢᠯ ᠣᠯᠭᠤᠬᠤ᠂ ᠵᠠᠬᠢᠶᠠᠯᠠᠭ᠎ᠠ ᠲᠤᠬᠳᠡᠬᠤ᠂ ᠨᠠᠶᠢᠳᠠᠨ ᠲᠡᠵᠢᠭᠡᠯᠭᠡᠵᠦ ᠨᠠᠶᠢᠳᠠᠨ ᠬᠠᠮᠢᠶᠠᠷᠤᠭᠤᠯᠬᠤ᠂ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠠ ᠪᠠᠷ ᠳᠠᠮᠵᠢᠭᠤᠯᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠬᠤ ᠶᠢ ᠬᠥᠲᠥᠯᠦᠨ ᠵᠢᠯᠣᠭᠤᠳᠴᠦ᠂ ᠨᠠᠩ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ         — ᠨᠥᠬᠦᠴᠡᠯ ᠲᠠᠢ ᠭᠠᠴᠠᠭ᠎ᠠ ᠲᠣᠰᠬᠤᠨ ᠤ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢᠨ ᠵᠠᠭᠪᠤᠷ ᠶᠣᠰᠣᠭᠠᠷ᠂ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠶᠢ ᠳᠡᠮᠵᠢᠵᠦ᠂ ᠮᠠᠯᠵᠢᠬᠤ ᠲᠠᠷᠢᠶᠠᠯᠠᠬᠤ ᠡᠷᠦᠬᠡ ᠬᠢᠭᠡᠳ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠬᠠᠷᠠᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠪᠡ᠃        ᠡᠳᠡᠭᠡᠷ ᠠᠯᠢ ᠤᠯᠠᠨ ᠠᠷᠭ᠎ᠠ ᠬᠡᠮᠵᠢᠶ᠎ᠠ ᠶᠢᠨ ᠠᠷᠤ ᠳᠤ᠂ ᠬᠢᠩᠭᠠᠨ ᠠᠶᠢᠮᠠᠭ ᠬᠤᠶᠠᠷ ᠶᠡᠭᠡ ᠶᠠᠪᠤᠳᠠᠯ ᠢ ᠰᠠᠶᠢᠳᠦᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠴᠢᠷᠮᠠᠶᠢᠯᠭ᠎ᠠ ᠪᠤᠢ᠃ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠩᠭᠠᠨ ᠠᠶᠢᠮᠠᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠡᠳᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠤᠨ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠨᠠᠩ ᠪᠠᠬᠢᠵᠢᠭᠦᠯᠵᠦ᠂ ᠬᠥᠳᠡᠭᠡ ᠲᠣᠰᠬᠤᠨ ᠢ ᠨᠠᠩ ᠴᠡᠴᠡᠭᠯᠡᠨ ᠬᠥᠭᠵᠢᠭᠦᠯᠵᠦ᠂ ᠲᠠᠷᠢᠶᠠᠴᠢᠳ ᠤᠨ ᠠᠮᠢᠳᠤᠷᠠᠯ ᠢ ᠨᠠᠩ ᠥᠭᠡᠳᠡ ᠲᠠᠢ ᠪᠣᠯᠭᠠᠪᠠ᠃        ︽ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠦᠨᠳᠦᠰᠦᠨ ᠱᠠᠲᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠲᠤ ᠠᠮᠤᠭᠤᠯᠠᠩ ᠪᠣᠯᠪᠠᠯ ᠳᠡᠯᠡᠬᠡᠶ ᠳ᠋ᠠᠬᠢᠨ ᠠᠮᠤᠷ ᠠᠮᠤᠭᠤᠯᠠᠩ ᠪᠣᠯᠤᠨ᠎ᠠ᠂ ᠡᠷᠬᠡᠪᠰᠢ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠡᠨᠡ ᠬᠦ ᠰᠠᠭᠤᠷᠢ ᠴᠢᠨᠠᠷᠲᠠᠶ ᠠᠵᠢᠯ ᠢ ᠰᠠᠶᠢᠲᠤᠷ ᠠᠳᠬᠤᠬᠤ ᠬᠡᠷᠡᠭᠲᠡᠶ ᠬᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠵᠠᠮ ᠢᠶᠠᠷ ᠰᠠᠶᠢᠲᠤᠷ ᠵᠠᠮᠨᠠᠬᠤ ᠨᠢ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ ᠪᠢ ᠭᠦᠨ ᠲᠥᠷᠥᠭᠳᠡᠯ ᠲᠠᠢ ᠶᠤᠮ︾ ᠭᠡᠵᠦ 2025 ᠣᠨ ᠤ 1 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠾᠧ ᠹᠧᠩ ᠲᠣᠰᠬᠤᠨ ᠤ ᠨᠠᠮ ᠤᠨ ᠡᠭᠦᠷ ᠤᠨ ᠱᠦᠵᠢ ᠰᠦᠨ ᠮᠢᠩ ᠰᠤᠷᠪᠤᠯᠵᠢᠯᠠᠭ᠎ᠠ ᠬᠦ᠋ᠯᠢᠶᠡᠬᠦ ᠳᠡᠭᠡᠨ ᠬᠡᠯᠡᠵᠦ ᠪᠠᠶᠢᠯ᠎ᠠ᠃        ᠰᠦᠨ ᠮᠢᠩ ᠭᠡᠯᠡᠭᠰᠡᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠬᠠᠷᠠᠯᠲᠠ ᠲᠣᠳᠣᠷᠬᠠᠶ ᠪᠠᠶᠢᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠢᠯᠠᠩᠭᠤᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠴᠢᠳᠠᠮᠠᠭᠠᠶ ᠵᠠᠰᠠᠬᠤ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠭᠰᠠᠨ ᠪᠠᠶᠢᠨ᠎ᠠ᠃ ᠲᠠᠷᠢᠶᠠᠴᠢᠨ ᠤ ᠲᠥᠯᠥᠭᠡᠯᠡᠭᠴᠢ ᠪᠣᠯᠤᠭᠰᠠᠨ ᠤ ᠬᠤᠪᠢ ᠳᠤ ᠲᠡᠷᠡ ᠡᠨᠡ ᠬᠦ ᠢᠯᠡᠳᠭᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠡᠶ᠃ ᠦᠨᠳᠦᠰᠦᠨ ᠱᠠᠲᠤᠨ ᠤ ᠺᠠᠳ᠋ᠷᠴᠤᠳ ᠦᠨᠳᠦᠰᠦᠨ ᠱᠠᠲᠤᠨ ᠤ ᠵᠠᠰᠠᠯᠲᠠ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠦᠨᠳᠦᠰᠦᠨ ᠱᠠᠲᠤᠨ ᠤ ᠵᠠᠰᠠᠯᠲᠠ ᠶᠢ ᠲᠣᠣᠷᠵᠢᠭᠤᠯᠬᠤ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠦᠨ᠎ᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠶᠢ ᠬᠥᠮᠦᠰ ᠤᠨ ᠰᠡᠳᠭᠢᠯ ᠳᠤ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠴᠢᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠴᠡ ᠲᠠᠢ ᠪᠤᠯᠭᠠᠨ᠎ᠠ ᠭᠡᠪᠡ᠃        2024 ᠣᠨ ᠳᠤ᠂ ᠬᠢᠩᠭᠠᠨ ᠠᠶᠢᠮᠠᠭ ᠣᠷᠣᠰᠢᠨ ᠰᠠᠭᠤᠷᠢᠰᠢᠬᠤ ᠳᠤ ᠳᠤᠬᠢᠳᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠵᠤ᠂ ᠮᠢᠩᠭ᠎ᠠ ᠲᠦᠮᠨ ᠶᠢᠨ ᠢᠨᠵᠧᠨᠧᠷᠢᠩ ᠤᠨ ᠲᠦᠷᠦᠯ ᠵᠦᠢᠯ ᠢ 271 ᠬᠡᠷᠡᠭᠵᠢᠭᠦᠯᠵᠦ᠂ ᠤᠳᠤ ᠦᠶ᠎ᠡ ᠶᠢᠨ ᠬᠥᠳᠡᠭᠡ ᠲᠣᠰᠬᠤᠨ ᠵᠡᠷᠭᠡ 11 ᠵᠦᠢᠯ ᠤᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠨᠡᠶᠢᠲᠡᠯᠢᠭ ᠬᠡᠪ ᠵᠠᠭᠪᠤᠷ ᠢ ᠰᠦᠪᠡᠭᠴᠢᠯᠡᠨ ᠬᠡᠷᠡᠭᠵᠢᠭᠦᠯᠵᠡᠢ᠃ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠬᠦᠷᠢᠶᠡᠨ ᠳᠤ ᠳᠡᠭᠡᠳᠦ ᠱᠠᠲᠤᠨ ᠤ ᠪᠠᠯᠠ ᠮᠥᠩᠭᠦ ᠶᠢ 103.69 ᠳ᠋ᠦᠩᠰᠢᠭᠤᠷ ᠲᠥᠭᠦᠷᠢᠭ ᠴᠢᠷᠮᠠᠶᠢᠨ ᠤᠯᠵᠦ᠂ ᠮᠢᠬᠠᠨ ᠦᠬᠡᠷ᠂ ᠮᠢᠬᠠᠨ ᠬᠤᠨᠢ᠂ ᠢᠳᠡᠰᠢᠨ ᠨᠣᠭᠤᠭ᠎ᠠ ᠵᠢᠮᠢᠰ ᠵᠡᠷᠭᠡ ᠠᠵᠤ ᠦᠢᠯᠡᠰ ᠤᠨ ᠲᠣᠭᠤᠷᠢᠨ ᠳᠤ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠢᠩᠭᠠᠨ ᠠᠶᠢᠮᠠᠭ ᠤᠨ 52 ᠰᠤᠮᠤ ᠰᠢᠶᠠᠩ ᠪᠠᠯᠭᠠᠰᠤ᠂ 653 ᠭᠠᠴᠠᠭ᠎ᠠ ᠲᠣᠰᠬᠤᠨ᠂ 47785 ᠡᠷᠦᠬᠡ ᠶᠢ ᠬᠠᠮᠤᠷᠪᠠ᠃ ᠡᠭᠦᠨ ᠳᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 161᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠲᠡᠭᠡᠳ 17106 ᠡᠷᠦᠬᠡ ᠪᠠᠶᠢᠵᠤ᠂ ᠳᠤᠮᠳᠠᠴᠢ ᠣᠷᠣᠯᠭ᠎ᠠ ᠨᠢ 3000 ᠲᠥᠭᠦᠷᠢᠭ ᠠᠴᠠ ᠳᠡᠭᠡᠭᠰᠢ ᠪᠣᠯᠪᠠ᠃        ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠨᠢ ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠭᠤᠣᠯ ᠬᠦᠴᠦᠨ︾ ᠪᠣᠯᠤᠭᠰᠠᠨ ᠪᠠᠶᠢᠨ᠎ᠠ᠃ ︽ᠲᠦᠴᠢᠦᠸᠠᠨ ᠪᠠᠯᠭᠠᠰᠤ ᠲᠦᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠵᠠᠮ ᠪᠣᠯᠭᠠᠭᠰᠠᠭᠠᠷ ᠢᠷᠡᠵᠠᠢ᠂ ᠤᠳᠤ 280 ᠬᠦᠢᠳᠡᠨ ᠬᠦᠯᠡᠮᠵᠢ᠂ 970 ᠳᠤᠯᠠᠭᠠᠨ ᠬᠦᠯᠡᠮᠵᠢ ᠲᠠᠢ ᠪᠠᠶᠢᠵᠤ᠂ ᠭᠤᠣᠯᠳᠠᠭᠤ ᠥᠷᠭᠡᠰᠦᠲᠦ ᠬᠡᠮᠬᠡ᠂ ᠢᠳᠡᠰᠢᠨ ᠮᠦᠬᠦ᠂ ᠭᠦᠵᠡᠯᠵᠡᠭᠡᠨ᠎ᠡ ᠵᠡᠷᠭᠡ 20 ᠭᠠᠷᠤᠢ ᠲᠦᠷᠦᠯ ᠤᠨ ᠲᠠᠷᠢᠮᠠᠯ ᠢ ᠲᠠᠷᠢᠵᠦ ᠪᠤᠢ᠃ ᠣᠳᠣᠬᠠᠨ ᠳᠤ᠂ ᠡᠳᠡᠭᠡᠷ ᠬᠦᠯᠡᠮᠵᠢ ᠨᠢ ᠵᠢᠯ ᠳᠤ ᠭᠤᠷᠪᠠᠨ ᠤᠳᠠᠭ᠎ᠠ ᠨᠣᠭᠤᠭ᠎ᠠ ᠳᠠᠷᠢᠵᠦ᠂ ᠳᠠᠷᠢᠮᠠᠯ ᠤᠨ ᠡᠷᠦᠬᠡ ᠶᠢᠨ ᠵᠢᠯ ᠤᠨ ᠤᠷᠤᠯᠭ᠎ᠠ ᠨᠢ 3 ᠲᠦᠮᠡ ᠠᠴᠠ 5 ᠲᠦᠮᠡᠨ ᠲᠥᠭᠦᠷᠢᠭ ᠨᠡᠮᠡᠭᠳᠡᠪᠡ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠳᠦᠭᠦᠭᠡᠷᠦᠮᠵᠢᠳᠦ ᠲᠠᠷᠢᠶᠠᠯᠠᠩ ᠤᠨ ᠲᠤᠰᠬᠠᠢ ᠬᠤᠷᠰᠢᠶ᠎ᠠ ᠶᠢᠨ ᠮᠡᠷᠭᠡᠵᠢᠯᠲᠡᠨ ᠸᠠᠩ ᠱᠤᠸᠠᠢ ᠳᠠᠨᠢᠯᠴᠠᠭᠤᠯᠵᠦ ᠪᠠᠶᠢᠯ᠎ᠠ᠃        ︽ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠭᠰᠠᠨ ᠤ ᠲᠠᠷᠠᠭ᠎ᠠ᠂ ᠮᠠᠰᠢ ᠤᠷᠮᠠᠰᠢᠨ ᠵᠣᠷᠢᠭᠵᠢᠵᠤ᠂ ᠵᠠᠰᠠᠭ ᠤᠨ ᠣᠷᠳᠣᠨ ᠠᠴᠠ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠴᠢᠬᠤᠯᠠᠴᠢᠯᠠᠵᠤ ᠪᠠᠶᠢᠬᠤ ᠶᠢ ᠮᠡᠳᠡᠷᠡᠵᠦ᠂ ᠪᠢ ᠲᠦᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ᠂ ᠬᠡᠪᠴᠢᠶᠡᠵᠢᠭᠰᠡᠨ ᠡᠵᠡᠩᠨᠡᠯᠲᠡ ᠳᠤ ᠨᠡᠩ ᠢᠲᠡᠭᠡᠯ ᠲᠠᠢ ᠪᠣᠯᠵᠠᠢ︾ ᠭᠡᠵᠦ ᠸᠠᠩ ᠱᠤᠸᠠᠢ ᠬᠡᠯᠡᠪᠡ᠃ ᠡᠨᠡ ᠤᠳᠠᠭ᠎ᠠ ᠲᠡᠷᠡ ᠳᠦᠬᠦᠭᠡᠷᠦᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠠᠨᠠᠭᠤᠯᠭ᠎ᠠ ᠶᠢ ᠠᠪᠴᠤ ᠬᠤᠷᠠᠯ ᠳᠤ ᠣᠷᠣᠯᠴᠠᠪᠠ᠃ ᠳᠦᠬᠦᠭᠡᠷᠦᠮᠵᠢᠳᠤ ᠲᠠᠷᠢᠶᠠᠯᠠᠩ ᠨᠢ ᠤᠳᠤ ᠦᠶ᠎ᠡ ᠶᠢᠨ ᠲᠠᠷᠢᠶᠠᠯᠠᠩ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃ ᠠᠷᠠᠳ ᠢᠷᠭᠡᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠦᠨᠡᠨᠬᠦ ᠳᠠᠶᠢᠴᠢᠯᠠᠬᠤ ᠳᠤ᠂ ᠳᠦᠭᠦᠭᠡᠷᠤᠮᠵᠢᠳᠦ ᠲᠠᠷᠢᠶᠠᠯᠠᠩ ᠤᠨ ᠡᠷᠴᠢᠮᠵᠢᠭᠰᠡᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠴᠢᠭᠯᠡᠯ ᠳᠠᠰᠢ ᠬᠥᠭᠵᠢᠬᠦ ᠶᠢ ᠠᠬᠢᠭᠤᠯᠬᠤ ᠬᠡᠷᠡᠭᠲᠡᠶ᠃ ᠳᠦᠭᠦᠭᠡᠷᠦᠮᠵᠢᠳᠦ ᠲᠠᠷᠢᠶᠠᠯᠠᠩ ᠤᠨ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠠᠲᠤ ᠲᠥᠷᠥᠯ ᠳᠡᠮᠳᠡᠭ ᠢ ᠡᠭᠦᠳᠬᠦ ᠶᠢ ᠴᠢᠩᠭᠠᠳᠬᠠᠨ᠂ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠰᠠᠶᠢᠲᠠᠶ ᠨᠠᠷᠠᠲᠤ ᠲᠥᠷᠥᠯ ᠳᠡᠮᠳᠡᠭ ᠤᠨ ᠲᠣᠭᠤᠷᠢᠨ ᠳᠤ᠂ ᠣᠷᠣᠨ ᠪᠦᠰᠡ ᠶᠢᠨ ᠣᠨᠴᠠᠯᠢᠭ ᠢ ᠳᠣᠪᠤᠶᠢᠯᠭᠠᠵᠤ᠂ ᠳᠦᠭᠦᠭᠡᠷᠤᠮᠵᠢᠳᠦ ᠲᠠᠷᠢᠶᠠᠯᠠᠩ ᠤᠨ ᠭᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠬᠦᠯᠬᠦ ᠬᠡᠷᠡᠭᠳᠡᠢ᠃ ᠪᠦᠲᠦᠭᠡᠭᠳᠡᠬᠦᠨ ᠤ ᠲᠥᠷᠥᠯ ᠵᠦᠢᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠳᠦᠭᠦᠭᠡᠷᠦᠮᠵᠢᠳᠦ ᠵᠢᠮᠢᠰ ᠨᠣᠭᠤᠭ᠎ᠠ ᠶᠢᠨ ᠦᠨ᠎ᠡ ᠥᠷᠲᠡᠭ ᠢ ᠳᠡᠭᠡᠭᠰᠢᠯᠡᠬᠦᠯᠬᠦ ᠭᠡᠷᠡᠭᠳᠡᠢ᠃        ᠲᠣᠰᠬᠤᠨ ᠤ ᠣᠷᠴᠢᠨ ᠲᠣᠭᠤᠷᠢᠨ ᠤᠯᠠᠮ ᠠᠴᠠ ᠤᠯᠠᠮ ᠦᠵᠡᠰᠭᠦᠯᠡᠩᠲᠦ ᠰᠠᠶᠢᠬᠠᠨ ᠪᠤᠯᠵᠤ᠂ ᠲᠣᠰᠬᠤᠨ ᠤ ᠡᠵᠡᠩᠨᠡᠯᠲᠡ ᠶᠢᠨ ᠬᠡᠯᠪᠡᠷᠢ ᠤᠯᠠᠮ ᠠᠴᠠ ᠤᠯᠠᠮ ᠪᠠᠶᠠᠯᠢᠭᠵᠢᠵᠤ᠂ ᠲᠣᠰᠬᠤᠨ ᠤ ᠠᠷᠠᠳ ᠤᠨ ᠤᠷᠤᠯᠭ᠎ᠠ ᠤᠯᠠᠮ ᠠᠴᠠ ᠤᠯᠠᠮ ᠨᠡᠮᠡᠭᠳᠡᠪᠡ ᠁ ᠡᠳᠡᠭᠡᠷ ᠵᠣᠯ ᠵᠢᠷᠭᠠᠯᠳᠦ ᠭᠤᠶᠤ ᠰᠠᠶᠢᠬᠠᠨ ᠦᠵᠡᠮᠵᠢ ᠪᠠᠶᠢᠳᠠᠯ ᠨᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠢᠩᠭᠠᠨ ᠠᠶᠢᠮᠠᠭ ᠤᠨ ᠰᠢᠨ᠎ᠡ ᠵᠢᠷᠤᠭ ᠲᠥᠰᠦᠪ ᠢ ᠪᠦᠷᠢᠯᠳᠦᠭᠦᠯᠵᠠᠢ᠃ · ᠯᠢ ᠤᠭ᠍ᠶᠦ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号