| — ᠬᠢᠩᠭᠠᠨ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠪᠴᠢᠶ᠎ᠠ ᠶᠢᠨ ᠳᠠᠷᠤᠭ᠎ᠠ ᠰᠢᠤᠢ ᠪᠦᠦ ᠫᠢᠩ ᠢ | ᠰᠤᠷᠪᠤᠯᠵᠢᠯᠠᠭᠰᠠᠨ ᠨᠢ | ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ᠃ ᠪᠢᠳᠠ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠴᠢᠩᠭ᠎ᠠ ᠨᠠᠷᠢᠨ ᠪᠣᠳᠠᠲᠠᠢ ᠠᠳᠬᠤᠵᠤ᠂ | ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ᠂ ᠬᠢᠯᠢ ᠠᠯᠤᠰᠯᠠᠭᠰᠠᠨ ᠵᠢᠭᠤᠯᠴᠢᠯᠠᠯ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠰᠤᠷᠭᠠᠭᠤᠯᠢ ᠶᠢᠨ ᠠᠨᠳᠠ ᠶᠢᠨ ᠠᠵᠤ ᠠᠬᠤᠢ ᠵᠡᠷᠭᠡ ᠲᠠᠯ᠎ᠠ ᠪᠠᠷ ᠬᠢᠯᠠᠰ ᠴᠡᠭ ᠢ | ᠡᠭᠦᠳᠴᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠡᠩ ᠤᠯᠠᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ᠃ | ᠨᠢᠭᠡ ᠳᠤ᠂ ᠪᠦᠬᠦᠶᠢᠯᠡ ᠥᠪᠥᠷ ᠮᠣᠩᠭᠤᠯ ᠳᠤ ᠰᠠᠭᠤᠷᠢᠯᠠᠵᠤ᠂ ᠬᠥᠬᠡᠬᠤᠲᠠ ᠪᠤᠭᠤᠲᠤ ᠤᠷᠳᠤᠰ ᠲᠠᠢ | ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠰᠠᠶᠢᠲᠤᠷ ᠬᠢᠵᠦ᠂ ᠷᠠᠰᠢᠶᠠᠨ ᠤ ᠬᠢᠯᠢ ᠶᠢᠨ ᠪᠣᠭᠤᠮᠲᠠ ᠶᠢᠨ | ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ | ᠬᠠᠮᠲᠤᠷᠠᠯᠴᠠᠭ᠎ᠠ ᠶᠢ ᠥᠷᠭᠡᠳᠭᠡᠵᠦ᠂ ᠬᠢᠯᠢ ᠠᠯᠤᠰᠯᠠᠭᠰᠠᠨ ᠵᠢᠭᠤᠯᠴᠢᠯᠠᠯ᠂ ᠨᠡᠶᠢᠭᠡᠮ ᠤᠨ ᠦᠢᠯᠡᠰ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠮᠠᠷᠠᠰᠢ ᠨᠡᠬᠡᠬᠡᠯᠳᠡ ᠬᠢᠭᠦ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠵᠡᠭᠦᠨ ᠬᠤᠶᠢᠲᠤ ᠣᠷᠣᠨ ᠳᠤ ᠠᠭᠤᠰᠤᠯᠴᠠᠬᠤ ᠶᠢᠨ | ᠲᠣᠭᠤᠷᠢᠨ ᠳᠤ᠂ ᠴᠠᠩᠴᠦ᠋ᠨ᠂ ᠱᠧᠨᠶᠠᠩ᠂ ᠬᠠᠷᠪᠢᠨ ᠵᠡᠷᠭᠡ ᠭᠠᠵᠠᠷ ᠣᠷᠣᠨ ᠲᠠᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠯᠥᠨ ᠪᠤᠶᠢᠷ᠂ ᠲᠦᠩᠯᠢᠶᠣᠤ ᠬᠤᠳᠠ ᠲᠠᠢ ᠣᠷᠣᠨ ᠪᠦᠰᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠡᠭᠦᠨ ᠬᠤᠶᠢᠲᠤ ᠣᠷᠣᠨ ᠲᠠᠢ ᠮᠥᠰᠥ ᠴᠠᠰᠤᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠲᠠᠢ ᠭᠠᠷ ᠬᠤᠯᠪᠣᠨ ᠪᠦᠬᠦ ᠲᠠᠯ᠎ᠠ ᠪᠠᠷ | ᠬᠥᠭᠵᠢᠨ ᠮᠠᠨᠳᠤᠬᠤ ᠶᠢ ᠠᠬᠢᠭᠤᠯᠤᠨ᠎ᠠ᠃ ᠭᠤᠷᠪᠠ ᠳᠤ᠂ ᠶᠡᠭᠡ ᠨᠡᠶᠢᠰᠯᠡᠯ ᠳᠤ ᠦᠢᠯᠡᠴᠢᠯᠡᠬᠦ ᠶᠢᠨ ᠲᠣᠭᠤᠷᠢᠨ ᠳᠤ᠂ | ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠥᠷᠪᠡᠨ ᠵᠦᠢᠯ ᠤᠨ ᠠᠵᠢᠯᠯᠠᠭ᠎ᠠ︾ ᠶᠢ | ᠭᠦᠨᠵᠡᠭᠡᠶ ᠬᠡᠷᠡᠭᠵᠢᠭᠦᠯᠵᠦ᠂ ︽ᠬᠢᠩᠭᠠᠨ ᠤ ᠰᠠᠶᠢᠨ ᠪᠠᠷᠠᠭ᠎ᠠ ᠶᠢ ᠪᠡᠭᠡᠵᠢᠩ ᠤᠨ ᠨᠡᠶᠢᠭᠡᠮ ᠲᠣᠭᠤᠷᠢᠭ ᠲᠤ ᠰᠢᠭᠤᠳ | ᠬᠠᠩᠭᠠᠬᠤ︾ ᠵᠡᠷᠭᠡ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠠᠩ ᠣᠯᠠᠨ ︽ᠪᠡᠭᠡᠵᠢᠩ ᠤᠨ ᠪᠠᠯᠠ ᠮᠥᠩᠭᠦ︾᠂ | ︽ᠪᠡᠭᠡᠵᠢᠩ ᠤᠨ ᠮᠡᠷᠭᠡᠵᠢᠯ︾᠂ ︽ᠪᠡᠭᠡᠵᠢᠩ ᠤᠨ ᠮᠡᠷᠭᠡᠵᠢᠯᠳᠡᠨ︾᠂ ︽ᠪᠡᠭᠡᠵᠢᠩ ᠤᠨ ᠡᠮᠴᠢ︾ ᠶᠢ ᠤᠷᠢᠨ | ᠬᠢᠩᠭᠠᠨ ᠠᠶᠢᠮᠠᠭ ᠲᠤ ᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠨᠠᠷᠠᠲᠤ ᠳᠡᠮᠳᠡᠭ ᠢ | ᠦᠷᠭᠦᠯᠵᠢᠯᠡᠨ ᠪᠣᠶ ᠪᠣᠯᠭᠠᠨ᠎ᠠ᠃ ᠲᠦᠷᠪᠡ ᠳᠤ᠂ ᠬᠢᠩᠭᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠱᠠᠩᠬᠠᠢ ᠶᠢᠨ | ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠶᠢᠨ ᠬᠠᠮᠲᠤ ᠵᠠᠰᠠᠭ ᠠᠵᠤ ᠠᠬᠤᠶᠢᠯᠠᠯ ᠬᠤᠯᠪᠣᠭᠠᠯᠠᠨ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠤᠯᠭᠠᠭᠤᠯᠤᠨ᠎ᠠ | ᠃ ᠲᠠᠪᠤ ᠳᠤ᠂ ᠭᠤᠸᠠᠩᠳᠦ᠋ᠩ ᠰᠢᠶᠠᠩᠭᠠᠩ ᠣᠣᠮᠧᠨ ᠣᠷᠣᠨ ᠲᠠᠢ ᠰᠢᠨ᠎ᠡ ᠡᠨᠧᠷᠭᠢ᠂ ᠲᠠᠷᠢᠶᠠᠯᠠᠩ ᠮᠠᠯ ᠠᠵᠤ ᠠᠬᠤᠢ | ᠂ ᠰᠣᠶᠣᠯ ᠵᠢᠭᠤᠯᠴᠢᠯᠠᠯ ᠤᠨ ᠦᠢᠯᠡᠰ᠂ ᠲᠣᠭᠠᠴᠢᠯᠠᠭᠰᠠᠨ ᠠᠵᠤ ᠠᠬᠤᠢ ᠪᠣᠯᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠬᠤᠪᠢᠷᠠᠭᠤᠯᠬᠤ ᠵᠡᠷᠭᠡ ᠬᠦᠷᠢᠶᠡᠨ ᠳᠠᠬᠢ ᠵᠣᠯᠭᠠᠯᠴᠠᠭ᠎ᠠ ᠬᠠᠮᠲᠤᠷᠠᠯᠴᠠᠭ᠎ᠠ ᠶᠢ ᠰᠠᠶᠢᠲᠤᠷ ᠬᠢᠵᠦ᠂ | ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠶᠢᠨ ᠰᠦᠪᠡᠭᠴᠢᠯᠡᠨ᠎ᠡ᠃ ᠵᠢᠷᠭᠤᠭ᠎ᠠ ᠳᠤ᠂ ᠣᠷᠣᠨ ᠪᠦᠰᠡ ᠶᠢᠨ | ᠬᠠᠮᠲᠤᠷᠠᠯᠴᠠᠭᠠᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠳᠤ ︽ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ︾ ᠵᠡᠷᠭᠡ ᠵᠠᠭᠪᠤᠷ ᠢ ᠬᠡᠷᠡᠭᠵᠢᠭᠦᠯᠵᠦ᠂ ᠬᠢᠩᠭᠠᠨ ᠤ ᠨᠠᠷᠠᠲᠤ ᠳᠡᠮᠳᠡᠭ ᠢ ᠪᠥᠬᠦ ᠬᠦᠴᠦᠨ ᠢᠶᠠᠷ ᠢᠶᠠᠨ ᠪᠣᠶ | ᠪᠣᠯᠭᠠᠨ᠎ᠠ᠃ · ᠯᠢ ᠵᠢᠶᠠᠨ ᠫᠢᠡᠭ · | | | | | |