ᠬᠢᠩᠭᠠᠨ ᠠᠶᠢᠮᠠᠭ ᠤᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠢᠯᠡᠳᠳᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2025/2/25
        ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠶ ᠡᠷᠴᠢᠮᠲᠡᠶ ᠥᠷᠨᠢᠭᠦᠯᠵᠦ᠂ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠳᠤ ᠠᠰᠢᠭ ᠬᠦᠷᠳᠡᠭᠡᠨ᠂ ᠣᠷᠴᠢᠨ ᠲᠣᠭᠤᠷᠢᠨ ᠢᠶᠠᠷ ᠠᠵᠤ ᠠᠬᠤᠶᠢᠯᠠᠯ ᠢ ᠠᠮᠢᠳᠤᠯᠢᠭ ᠪᠤᠯᠭᠠᠵᠦ᠂ ᠦᠢᠯᠡᠴᠢᠯᠡᠭᠡ ᠪᠠᠷ ᠠᠵᠤ ᠠᠬᠤᠶᠢᠯᠠᠯ ᠢ ᠳᠤᠰᠠᠯᠠᠨ᠂ ᠠᠶᠢᠮᠠᠭ ᠤᠨ ᠳᠣᠲᠣᠷᠠᠬᠢ ᠠᠵᠤ ᠠᠬᠤᠶᠢᠯᠠᠯ ᠢ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠩᠬᠢ ᠲᠠᠢ ᠵᠣᠯᠭᠠᠭᠤᠯᠤᠨ ᠬᠠᠮᠲᠤᠷᠠᠯᠴᠠᠬᠤ ᠶᠢ ᠢᠳᠡᠪᠬᠢᠲᠡᠶ ᠠᠬᠢᠭᠤᠯᠵᠤ᠂ ᠪᠠᠯᠠ ᠳᠣᠭᠢᠷᠠᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠩᠬᠢ ᠶᠢᠨ ᠳᠡᠮᠵᠢᠯᠭᠡ ᠶᠢ ᠴᠢᠷᠮᠠᠶᠢᠨ ᠤᠯᠵᠦ᠂ ᠪᠡᠯᠡ ᠳᠤᠬᠢᠷᠠᠭᠤᠯᠭ᠎ᠠ ᠶᠢᠨ ᠠᠵᠢᠯ ᠤᠨ ᠦᠢᠯᠡᠴᠢᠯᠡᠭᠡ ᠠᠩᠬ᠎ᠠ ᠠᠯᠬᠤᠮ ᠠᠮᠵᠢᠯᠳᠠ ᠤᠯᠵᠠᠢ᠃        ᠣᠲᠣ ᠪᠣᠯᠲᠠᠯ᠎ᠠ᠂ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠨᠢᠭᠡᠨᠲᠡ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠩᠬᠢ ᠶᠢᠨ ᠵᠢᠭᠡᠯᠡᠯᠭᠡ ᠶᠢᠨ ᠮᠦᠡᠭᠭᠦ ᠶᠢ 5.5 ᠳ᠋ᠦᠩᠰᠢᠭᠤᠷ ᠲᠥᠭᠦᠷᠢᠭ ᠤᠯᠵᠦ᠂ ᠨᠢᠭᠡᠨᠲᠡ 11 ᠠᠵᠤ ᠠᠬᠤᠶᠢᠯᠠᠯ ᠪᠠᠯᠠ ᠲᠣᠬᠢᠷᠠᠭᠤᠯᠭ᠎ᠠ ᠶᠢᠨ ᠰᠠᠨᠠᠮᠵᠢ ᠶᠢᠨ ᠬᠠᠮᠲᠤᠷᠠᠯᠴᠠᠭ᠎ᠠ ᠶᠢᠨ ᠱᠠᠲᠤᠨ ᠳᠤ ᠣᠷᠣᠵᠤ᠂ ᠵᠢᠱᠢᠯᠲᠡ ᠪᠠᠷ 3 ᠰᠠᠷ᠎ᠠ ᠶᠢᠨ ᠡᠬᠢ ᠪᠠᠷ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ 6.8 ᠳ᠋ᠦᠩᠰᠢᠭᠤᠷ ᠲᠥᠭᠦᠷᠢᠭ ᠰᠢᠢᠳᠪᠦᠷᠢᠯᠡᠬᠦ ᠪᠣᠯᠤᠮᠵᠢ ᠲᠠᠢ ᠪᠠᠶᠢᠨ᠎ᠠ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号