| ᠤᠢᠢᠷ᠎ᠠ ᠶᠢᠨ ᠵᠢᠯ ᠤᠨ ᠲᠤᠷᠰᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ | ᠶᠡᠷᠦᠩᠭᠡᠢ ᠱᠠᠭᠠᠷᠳᠠᠯᠭ᠎ᠠ ᠶᠣᠰᠣᠭᠠᠷ᠂ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ | ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠵᠣᠬᠢᠶᠠᠨ ᠪᠠᠶᠢᠭᠤᠯᠪᠠ᠃ | ᠬᠠᠮᠳᠦ ᠶᠢᠨ ᠴᠢᠷᠮᠠᠶᠢᠯᠭ᠎ᠠ ᠪᠠᠷ᠂ ᠤᠶᠢᠷ᠎ᠠ ᠳᠤ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠲᠣ | ᠦᠶ᠎ᠡ ᠶᠢᠨ ᠮᠠᠯ ᠠᠵᠤ ᠠᠬᠤᠶ ᠶᠢᠨ ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠬᠦ ᠲᠥᠪ ᠪᠠ ᠬᠢᠩᠭᠠᠨ | ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠠᠷᠢᠬᠢᠨ ᠤ ᠴᠢᠰᠤᠨ ᠰᠤᠳᠠᠯ ᠤᠨ ᠡᠪᠡᠳᠴᠢᠨ 5G + | ᠤᠶᠤᠨᠴᠢ ᠡᠮᠴᠢᠯᠡᠭᠡᠨ ᠤ ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠬᠦ ᠲᠥᠪ ᠢ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠦᠪᠡᠷᠳᠡᠭᠡᠨ ᠵᠠᠰᠠᠬᠤ | ᠤᠷᠤᠨ ᠤ ᠲᠡᠰ ᠤᠨ ᠠᠵᠦ ᠦᠢᠯᠡᠰ ᠤᠨ ᠮᠡᠷᠭᠡᠵᠢᠯ ᠤᠨ ᠢᠨᠵᠧᠨᠧᠷᠢᠩᠵᠢᠬᠦᠯᠬᠦ ᠲᠦᠪ ᠢᠶᠠᠷ ᠦᠨᠡᠯᠡᠨ ᠲᠤᠭᠳᠠᠭᠠᠵᠠᠢ᠃ | | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠲᠣ ᠦᠶ᠎ᠡ ᠶᠢᠨ ᠮᠠᠯ ᠠᠵᠤ ᠠᠬᠤᠶ ᠶᠢᠨ | ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩᠵᠢᠭᠦᠯᠬᠦ ᠲᠥᠪ ᠨᠢ ᠠᠮᠢᠲᠠᠨ ᠤ ᠤᠳᠤᠮᠯᠠᠯ ᠤᠨ ᠡᠭᠦᠯᠳᠡᠷ | ᠪᠤᠶᠢᠵᠢᠭᠤᠯᠬᠤ ᠪᠠ ᠦᠷᠡᠵᠢᠭᠦᠯᠬᠦ᠂ ᠰᠢᠨ᠎ᠡ ᠮᠠᠶ᠋ᠢᠭ ᠤᠨ ᠲᠡᠵᠢᠭᠡᠯ ᠪᠣᠷᠳᠤᠭ᠎ᠠ ᠰᠤᠳᠤᠯᠤᠨ ᠨᠡᠭᠡᠭᠡᠬᠦ᠂ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠵᠡᠷᠭᠡ | ᠬᠦᠷᠢᠶᠡᠨ ᠳᠠᠬᠢ ᠰᠤᠳᠤᠯᠭᠠᠨ ᠳᠤ ᠠᠩᠬᠠᠷᠤᠯ ᠢᠶᠠᠨ ᠲᠦᠪᠯᠡᠷᠡᠬᠦᠯᠵᠡᠢ᠃ ᠡᠨᠡᠬᠦ ᠢᠷᠠᠭᠤ ᠠᠯᠳᠠᠷ ᠨᠢ ᠬᠢᠩᠭᠠᠨ ᠠᠵᠢᠯ | ᠮᠡᠷᠭᠡᠵᠢᠯ ᠤᠨ ᠲᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠬᠢ ᠶᠢᠨ ᠶᠡᠭᠡ ᠰᠤᠷᠭᠠᠭᠤᠯᠢ ᠶᠢ | ᠭᠤᠶᠤᠴᠢᠯᠠᠨ ᠡᠷᠬᠢᠯᠡᠬᠦ ᠵᠢᠴᠢ ᠪᠦᠬᠦ ᠠᠶᠢᠮᠠᠭ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠦ᠂ ᠪᠣᠬᠢᠷᠲᠤᠯ ᠦᠭᠡᠢ᠂ ᠥᠨᠳᠥᠷ | ᠪᠦᠲᠦᠮᠵᠢᠲᠡᠢ ᠪᠥᠭᠡᠳ ᠦᠷᠭᠦᠯᠵᠢᠯᠡᠬᠦ᠋ᠴᠡ ᠤᠳᠤ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ | ᠲᠦᠷᠭᠡᠳᠭᠡᠨ ᠪᠠᠶᠢᠭᠤᠯᠬᠤ ᠪᠤᠯᠤᠨ᠎ᠠ᠃ | ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠠᠷᠢᠬᠢᠨ ᠤ ᠴᠢᠰᠤᠨ ᠰᠤᠳᠠᠯ ᠤᠨ | ᠡᠪᠡᠳᠴᠢᠨ 5G+ ᠤᠶᠤᠨᠴᠢ ᠡᠮᠴᠢᠯᠡᠭᠡᠨ ᠤ ᠠᠵᠤ ᠦᠢᠯᠡᠰ ᠤᠨ ᠮᠡᠷᠭᠡᠵᠢᠯ ᠤᠨ ᠢᠨᠵᠧᠨᠧᠷᠢᠩᠵᠢᠬᠦᠯᠬᠦ ᠲᠦᠪ ᠨᠢ | 5G ᠮᠡᠳᠡᠭᠡ ᠵᠠᠩᠭᠢ ᠳᠠᠮᠵᠢᠭᠤᠯᠬᠤ ᠮᠡᠷᠭᠡᠵᠢᠯ᠂ ᠰᠢᠯᠵᠢᠮᠡᠯ CT᠂ ᠲᠡᠷᠭᠡᠨ ᠳᠡᠭᠡᠷᠡᠬᠢ ᠰᠢᠯᠭᠠᠨ ᠪᠠᠶᠢᠴᠠᠭᠠᠯᠲᠠ᠂ | ᠬᠡᠲᠦ ᠲᠠᠭᠤᠨ ᠵᠡᠷᠭᠡ ᠶᠡᠷᠦᠩᠬᠡᠶᠢᠯᠡᠭᠰᠡᠨ ᠣᠶᠤᠨᠴᠢ ᠲᠠᠪᠴᠠᠩ ᠤᠨ ᠬᠤᠷᠠᠮᠠᠯ ᠮᠡᠷᠭᠡᠵᠢᠯ ᠢ ᠭᠦᠢᠴᠡᠳ ᠠᠰᠢᠭᠯᠠᠨ᠂ | ᠠᠯᠤᠰ ᠡᠵᠡᠮᠰᠢᠯᠳᠤ ᠣᠨᠣᠰᠢᠯᠠᠨ ᠡᠮᠨᠡᠬᠦ ᠮᠡᠷᠭᠡᠵᠢᠯ ᠲᠠᠢ ᠤᠶᠠᠯᠳᠤᠭᠤᠯᠵᠦ᠂ ᠪᠠᠴᠢᠮ ᠠᠪᠤᠷᠬᠠᠤ ᠴᠠᠭ ᠢ ᠲᠦᠢᠯ ᠤᠨ | ᠶᠡᠬᠡᠪᠡᠷ ᠪᠣᠭᠤᠨᠢᠰᠬᠠᠵᠤ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠤᠯᠤᠨ᠎ᠠ᠃ ᠡᠨᠡᠬᠦ ᠢᠷᠠᠭᠤ | ᠠᠯᠳᠠᠷ ᠨᠢ ᠬᠢᠩᠭᠠᠨ ᠠᠶᠢᠮᠠᠭ ᠤᠨ ᠲᠠᠷᠢᠬᠢᠨ ᠤ ᠡᠪᠡᠳᠴᠢᠨ ᠤ ᠳᠤᠮᠳᠠᠬᠢ ᠡᠮᠴᠢᠯᠡᠭᠡᠨ ᠤ ᠮᠡᠷᠭᠡᠵᠢᠯ ᠤᠨ ᠰᠢᠨ᠎ᠡ ᠶᠢ | ᠡᠭᠦᠳᠬᠦ ᠪᠠ ᠬᠦᠭᠵᠢᠬᠦᠯᠬᠦ ᠶᠢ ᠠᠬᠢᠭᠤᠯᠬᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠵᠢᠴᠢ ᠡᠮᠴᠢᠯᠡᠭᠡᠨ ᠤ ᠠᠵᠦ ᠦᠢᠯᠡᠰ ᠤᠨ | ᠬᠦᠭᠵᠢᠯᠳᠡ ᠶᠢ ᠠᠬᠢᠭᠤᠯᠬᠤ ᠵᠡᠷᠭᠡ ᠲᠠᠯ᠎ᠠ ᠪᠠᠷ ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠤᠮ᠃ | ᠲᠤᠰ ᠤᠳᠠᠭᠠᠨ ᠤ ᠦᠨᠡᠯᠡᠨ ᠲᠤᠭᠳᠠᠭᠠᠯᠳᠠ ᠨᠢ ᠬᠢᠩᠭᠠᠨ ᠠᠶᠢᠮᠠᠭ ᠤᠨ ᠮᠡᠷᠭᠡᠵᠢᠯ ᠤᠨ ᠪᠣᠳᠠᠲᠤ | ᠬᠦᠴᠦᠨ ᠢ ᠳᠡᠭᠡᠳᠦ ᠬᠡᠮᠵᠢᠶ᠎ᠡ ᠪᠠᠷ ᠮᠡᠳᠡᠷᠡᠭᠰᠡᠨ ᠢᠶᠠᠷ ᠪᠠᠷᠠᠬᠤ ᠦᠭᠡᠢ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠭᠰᠠᠨ ᠪᠠᠰᠠ ᠨᠢᠭᠡ ᠤᠳᠠᠭᠠᠨ ᠤ ᠴᠢᠬᠤᠯᠠ | ᠦᠢᠯᠡᠳᠦᠯᠭᠡ ᠶᠢᠨ ᠦᠷ᠎ᠡ ᠪᠦᠲᠦᠭᠡᠯ ᠪᠤᠯᠤᠨ᠎ᠠ᠃ ︵ᠰᠤᠨᠢᠨ︶ | | | | |