| ᠣᠶᠢᠷ᠎ᠠ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠪᠡᠭᠡᠵᠢᠩ ᠳᠤ ᠰᠠᠭᠤᠭ᠎ᠠ ᠬᠡᠷᠡᠭ | ᠡᠷᠬᠢᠯᠡᠬᠦ ᠭᠠᠵᠠᠷ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠶᠠᠪᠤᠳᠠᠯ ᠤᠨ | ᠦᠢᠯᠡᠴᠢᠯᠡᠭᠡᠨ ᠤ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ 2025 ᠣᠨ ᠤ ᠪᠡᠭᠡᠵᠢᠩ ᠥᠪᠥᠷ ᠮᠣᠩᠭᠤᠯ ᠤᠨ | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠬᠡᠷ ᠤᠨ ᠶᠠᠪᠤᠳᠠᠯ ᠤᠨ ᠠᠵᠢᠯ ᠲᠥᠷᠥᠯ ᠤᠨ ᠲᠤᠰᠬᠠᠶ ᠠᠵᠢᠯᠲᠠᠨ | ᠡᠯᠰᠡᠬᠦ ᠬᠤᠷᠠᠯ ᠤᠯᠠᠭᠠᠨᠬᠤᠲᠠ ᠳᠤ ᠶᠠᠪᠤᠭᠳᠠᠵᠦ᠂ ᠪᠡᠭᠡᠵᠢᠩ ᠦᠪᠦᠷ ᠮᠤᠩᠭᠤᠯ ᠬᠤᠶᠠᠷ ᠭᠠᠵᠠᠷ ᠤᠨ ᠬᠦᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ ᠳᠤ ᠪᠠᠳᠦ ᠪᠠᠬᠢ ᠬᠦᠬᠦᠷᠭᠡ ᠲᠠᠯᠪᠢᠵᠦ ᠦᠭᠪᠡ᠃ | ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠠᠶ ᠳᠤ᠂ ᠡᠯ᠎ᠡ ᠠᠵᠦ ᠠᠬᠤᠶᠢᠯᠠᠯ ᠤᠨ | ᠦᠵᠡᠬᠦᠯᠦᠯᠭᠡ ᠶᠢᠨ ᠲᠠᠶᠢᠰᠠ ᠶᠢᠨ ᠡᠮᠦᠨ᠎ᠡ ᠬᠦᠮᠦᠨ ᠬᠠᠷ᠎ᠠ ᠴᠤᠭᠯᠠᠷᠠᠵᠦ᠂ ᠠᠳᠠᠯᠢ ᠪᠤᠰᠦ ᠨᠠᠰᠤᠨ ᠤ ᠬᠦᠮᠦᠰ | ᠰᠠᠨᠠᠭᠠᠨ ᠳᠤ ᠪᠠᠨ ᠲᠠᠭᠠᠷᠠᠭᠰᠠᠨ ᠠᠵᠢᠯ ᠢᠶᠠᠨ ᠡᠷᠢᠵᠦ ᠪᠠᠶᠢᠯ᠎ᠠ᠃ ᠠᠵᠢᠯ ᠡᠷᠢᠭᠴᠢ ᠸᠠᠩ ᠰᠢᠤᠸᠠᠢ ᠲᠦᠩ ᠠᠵᠤ | ᠠᠬᠤᠶᠢᠯᠠᠯ ᠲᠠᠢ ᠰᠠᠨᠠᠯ ᠢᠶᠠᠨ ᠰᠣᠯᠢᠯᠴᠠᠬᠤ ᠳᠠᠭᠠᠨ ᠬᠥᠮᠦᠨ ᠬᠡᠷᠡᠭᠯᠡᠬᠦ ᠨᠢᠭᠡᠴᠢ ᠶᠢᠨ ᠬᠥᠭᠵᠢᠯᠲᠡ ᠶᠢᠨ ᠢᠷᠡᠭᠡᠳᠦᠶ᠂ | ᠬᠥᠮᠦᠨ ᠬᠡᠷᠡᠭᠯᠡᠬᠦ ᠬᠡᠷᠡᠭᠴᠡᠭᠡ᠂ ᠴᠠᠯᠢᠩ ᠬᠥᠯᠥᠰᠥ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠩᠬ᠎ᠠ ᠠᠯᠬᠤᠮ ᠤᠨ | ᠠᠵᠢᠯ ᠤᠯᠬᠤ ᠰᠠᠨᠠᠮᠵᠢ ᠲᠠᠢ ᠪᠣᠯᠤᠭᠰᠠᠨ ᠪᠥᠭᠡᠳ ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠤᠷ ᠤᠨ | ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠦᠵᠡᠭᠦᠯᠦᠯᠭᠡ ᠦᠵᠡᠬᠦ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠰᠤᠨᠤᠰᠬᠤ ᠪᠠᠷ ᠲᠠᠮᠵᠢᠨ ᠭᠡᠷ ᠠᠬᠤᠢ ᠶᠢᠨ ᠠᠵᠢᠯ ᠲᠦᠷᠦᠯ ᠤᠨ ᠠᠵᠢᠯ ᠤᠨ ᠠᠭᠤᠯᠭ᠎ᠠ ᠪᠠ | ᠬᠤᠯᠪᠤᠭᠳᠠᠯ ᠪᠦᠬᠦᠢ ᠡᠷᠭᠡ ᠠᠰᠢᠭ ᠤᠨ ᠪᠠᠳᠤᠯᠠᠭ᠎ᠠ ᠶᠢᠨ ᠲᠤᠬᠠᠢ ᠨᠡᠩ ᠲᠤᠳᠤᠷᠬᠠᠢ ᠲᠠᠨᠢᠯᠳᠠ ᠲᠠᠢ ᠪᠤᠯᠤᠭᠰᠠᠨ | ᠪᠠᠶᠢᠨ᠎ᠠ᠃ | ︽ᠡᠭᠦᠨ ᠠᠴᠠ ᠡᠮᠦᠨ᠎ᠡ ᠪᠢ ᠪᠡᠭᠡᠵᠢᠩ ᠤᠨ ᠭᠡᠷ ᠠᠬᠤᠶ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠣᠨᠴᠠᠭᠠᠶ | ᠠᠩᠬᠠᠷᠴᠦ ᠪᠠᠶᠢᠵᠠᠢ᠂ ᠤᠳᠤ ᠬᠦᠨᠵᠡᠭᠡᠢ ᠲᠠᠨᠢᠯᠳᠠ ᠲᠠᠢ ᠪᠤᠯᠪᠠ᠂ ᠲᠤᠰ ᠤᠳᠠᠭᠠᠨ ᠤ ᠠᠵᠢᠯᠲᠠᠨ ᠡᠯᠰᠡᠬᠦ ᠬᠤᠷᠠᠯ | ᠴᠠᠭ ᠲᠠᠭᠠᠨ ᠣᠨᠴᠠᠭᠠᠶ ᠳᠣᠭᠢᠷᠠᠵᠤ᠂ ᠪᠢ ᠰᠠᠶ᠋ᠢ ᠨᠢᠭᠡᠨ ᠭᠡᠷ ᠠᠬᠤᠶ ᠶᠢᠨ ᠺᠣᠮᠫᠠᠨᠢ ᠲᠠᠢ ᠰᠠᠨᠠᠯ ᠢᠶᠠᠨ ᠰᠣᠯᠢᠯᠴᠠᠵᠤ᠂ | ᠠᠵᠢᠯ ᠤᠯᠬᠤ ᠰᠠᠨᠤᠮᠵᠢ ᠲᠠᠢ ᠪᠣᠯᠤᠭᠰᠠᠨ ᠶᠤᠮ᠂ ᠠᠵᠢᠯᠲᠠᠨ ᠡᠯᠰᠡᠬᠦ ᠬᠤᠷᠠᠯ ᠨᠢ ᠪᠢᠳᠡᠨ ᠳᠤ ᠪᠠᠰᠠ ᠭᠠᠷ ᠪᠣᠭᠴᠣ | ᠵᠡᠷᠭᠡ ᠶᠢ ᠪᠡᠯᠡᠳᠭᠡᠨ ᠥᠭᠴᠦ᠂ ᠰᠠᠨᠠᠭ᠎ᠠ ᠠᠮᠤᠷ ᠠᠵᠢᠯ ᠤᠨ ᠪᠠᠶᠢᠷᠢᠨ ᠳᠤ ᠭᠠᠷᠴᠤ ᠶᠢ ᠬᠦᠰᠡᠵᠡᠢ︾ ᠭᠡᠵᠦ ᠸᠠᠩ | ᠰᠢᠤᠸᠠᠢ ᠲᠦᠩ ᠬᠡᠯᠡᠵᠦ ᠪᠠᠶᠢᠯ᠎ᠠ᠃ | ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠪᠡᠭᠡᠵᠢᠩ ᠤᠨ 146 ᠬᠡᠷ ᠠᠬᠤᠶ ᠶᠢᠨ ᠺᠣᠮᠫᠠᠨᠢ | ᠣᠷᠣᠯᠴᠠᠵᠤ᠂ 910 ᠠᠵᠢᠯ ᠤᠨ ᠪᠠᠶᠢᠷᠢ ᠬᠠᠩᠭᠠᠵᠤ᠂ ᠬᠡᠷ ᠠᠬᠤᠶ ᠶᠢᠨ ᠦᠢᠯᠡᠴᠢᠯᠡᠭᠡ᠂ ᠰᠠᠷ᠎ᠠ ᠰᠤᠪᠢᠯᠠᠭᠴᠢ᠂ | ᠬᠡᠤᠬᠡᠳ ᠠᠰᠠᠷᠠᠭᠴᠢ᠂ ᠨᠠᠰᠤᠳᠠᠨ ᠢ ᠠᠰᠠᠷᠠᠬᠤ᠂ ᠠᠮᠤᠷ ᠢ ᠬᠠᠮᠠᠭᠠᠯᠠᠭᠴᠢ ᠵᠡᠷᠭᠡ ᠣᠯᠠᠨ ᠠᠵᠢᠯ ᠤᠨ ᠪᠠᠶᠢᠷᠢ ᠶᠢ | ᠬᠠᠮᠤᠷᠴᠠᠶ᠃ ᠬᠥᠳᠡᠯᠮᠦᠷᠢᠴᠢᠳ ᠤᠨ ᠠᠵᠢᠯ ᠤᠯᠬᠤ ᠥᠪᠡᠷ ᠤᠨ ᠥᠷᠲᠡᠭ ᠢ ᠪᠠᠭᠠᠰᠬᠠᠬᠤ ᠶᠢᠨ ᠲᠥᠯᠥᠭᠡ᠂ | ᠠᠵᠢᠯᠲᠠᠨ ᠡᠯᠰᠡᠬᠦ ᠬᠤᠷᠠᠯ ᠠᠴᠠ ᠪᠠᠰᠠ ᠪᠡᠭᠡᠵᠢᠩ ᠥᠪᠥᠷ ᠮᠣᠩᠭᠤᠯ ᠤᠨ ᠬᠥᠯᠥᠰᠥᠨ ᠠᠵᠢᠯᠴᠢᠳ ᠲᠤ ᠭᠠᠭᠴᠠ | ᠲᠠᠯ᠎ᠠ ᠶᠢᠨ ᠵᠠᠮ ᠤᠨ ᠵᠠᠷᠤᠳᠠᠯ ᠢ ᠳᠠᠩᠰᠠᠨ ᠠᠴᠠ ᠲᠠᠶᠢᠯᠵᠦ ᠦᠭᠬᠦ ᠶᠢᠨ ᠬᠠᠮᠳᠦ ᠴᠢᠷᠦᠬᠦᠯ ᠪᠤᠭᠴᠦ᠂ ᠭᠠᠷ ᠪᠤᠭᠴᠦ | ᠵᠡᠷᠭᠡ ᠶᠢ ᠬᠦᠷᠭᠡᠪᠡ᠃ ᠣᠲᠣᠬᠠᠨ ᠪᠣᠯᠲᠠᠯ᠎ᠠ᠂ ᠠᠵᠢᠯᠲᠠᠨ ᠡᠯᠰᠡᠬᠦ ᠬᠤᠷᠠᠯ ᠳᠤ ᠨᠡᠶᠢᠲᠡ 540 ᠬᠥᠮᠦᠨ | ᠲᠤᠬᠠᠢ ᠶᠢᠨ ᠲᠠᠯᠠᠪᠠᠢ ᠳᠤ ᠠᠵᠢᠯ ᠡᠷᠢᠵᠦ᠂ ᠠᠵᠢᠯ ᠤᠯᠬᠤ ᠬᠦᠰᠡᠯ ᠲᠠᠢ ᠪᠤᠯᠤᠭᠰᠠᠨ ᠬᠦᠮᠦᠨ 78 ᠬᠦᠷᠪᠡ᠃ | ︽ᠪᠢᠳᠡ ᠠᠵᠢᠯ ᠡᠷᠢᠭᠰᠡᠨ ᠳᠤ ᠰᠠᠭᠤᠷᠢ ᠴᠢᠨᠠᠷᠳᠠᠢ ᠪᠤᠯᠪᠠᠰᠤᠷᠠᠯ ᠬᠠᠩᠭᠠᠬᠤ ᠶᠢᠨ ᠬᠠᠮᠳᠦ ᠪᠡᠭᠡᠵᠢᠩ ᠳᠤ | ᠭᠠᠳᠠᠭᠰᠢ ᠭᠠᠷᠭᠠᠬᠤ ᠬᠦᠮᠦᠰ ᠤᠨ ᠬᠠᠶᠢᠷ᠎ᠠ ᠬᠠᠯᠠᠮᠵᠢ ᠶᠢᠨ ᠭᠡᠷ ᠪᠠᠶᠢᠭᠤᠯᠵᠦ᠂ ᠬᠠᠤᠯᠢ ᠴᠠᠭᠠᠵᠠ ᠶᠢᠨ ᠲᠤᠰᠠᠯᠠᠮᠵᠢ᠂ | ᠰᠡᠳᠬᠢᠴᠡ ᠶᠢᠨ ᠵᠢᠯᠤᠭᠤᠳᠤᠯᠭ᠎ᠠ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠠᠩᠭᠠᠨ᠎ᠠ᠃ ᠲᠠᠷᠠᠭᠠᠴᠢ ᠶᠢᠨ | ᠠᠵᠢᠯ ᠳᠤ ᠪᠢᠳᠡ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ | ᠠᠬᠢᠭᠤᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠭᠡᠨ᠂ ᠠᠵᠢᠯ ᠣᠯᠭᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠠᠵᠢᠯᠲᠠᠨ ᠡᠯᠰᠡᠬᠦ ᠨᠢᠭᠡᠴᠢ ᠯᠦᠭᠡ ᠶᠢᠨ ᠬᠠᠮᠲᠤᠷᠠᠯᠴᠠᠭ᠎ᠠ | ᠨᠡᠪᠲᠡᠷᠡᠯᠴᠡᠭᠡ ᠪᠠᠨ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠠᠵᠢᠯ ᠤᠨ ᠡᠷᠡᠭᠦᠯ ᠢᠶᠠᠷ | ᠬᠥᠭᠵᠢᠬᠦ ᠶᠢ ᠬᠠᠮᠳᠦᠪᠡᠷ ᠠᠬᠢᠭᠤᠯᠤᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ | ᠠᠬᠤᠶ ᠶᠢᠨ ᠦᠢᠯᠡᠴᠢᠯᠡᠭᠡᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠸᠠᠩ ᠯᠢ ᠯᠢ ᠬᠡᠯᠡᠪᠡ ᠃ | | | | |