| ᠴᠢᠬᠤᠯᠠ ᠶᠡᠭᠡ ᠲᠦᠷᠦᠯ ᠵᠦᠢᠯ ᠢ ᠲᠦᠯᠦᠪᠵᠢᠬᠦᠯᠬᠦ᠂ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠭᠡᠶᠢᠷᠡᠬᠦᠯᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ ᠦᠷᠨᠢᠬᠦᠯᠵᠦ᠂ ᠠᠵᠦ ᠠᠬᠤᠢ ᠶᠢᠨ | ᠬᠦᠭᠵᠢᠯᠳᠡ ᠶᠢᠨ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠳᠡ ᠶᠢ ᠪᠦᠬᠦ ᠬᠦᠴᠦᠨ ᠢᠶᠠᠷ ᠰᠠᠶᠢᠳᠤᠷ ᠠᠳᠬᠤᠬᠤ ᠶᠢᠨ | ᠲᠦᠯᠦᠭᠡ᠂ 2 ᠰᠠᠷ᠎ᠠ ᠶᠢᠨ 21 ᠤ ᠡᠳᠦᠷ ᠠᠴᠠ 22 ᠤᠨ ᠡᠳᠦᠷ ᠪᠤᠯᠳᠠᠯ᠎ᠠ᠂ ᠬᠢᠩᠭᠠᠨ ᠠᠶᠢᠮᠠᠭ ᠤᠨ ᠨᠠᠮ ᠤᠨ | ᠬᠤᠷᠢᠶ᠎ᠠ ᠶᠢᠨ ᠱᠦᠵᠢ ᠰᠦᠭᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ | ᠢᠦᠢ ᠵᠢᠶ ᠱᠦᠨ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠥᠯᠥᠨ ᠪᠤᠶᠢᠷ | ᠬᠤᠳᠠ᠂ ᠥᠪᠥᠷ ᠮᠣᠩᠭᠤᠯ ᠤᠨ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ᠂ | ᠬᠠᠮᠲᠤᠷᠠᠯᠴᠠᠭᠠᠨ ᠤ ᠲᠦᠷᠦᠯ ᠵᠦᠢᠯ ᠢ ᠵᠣᠯᠭᠠᠭᠤᠯᠵᠤ᠂ ᠰᠠᠨᠠᠯ ᠢᠶᠠᠨ ᠰᠣᠯᠢᠯᠴᠠᠨ ᠰᠢᠨᠵᠢᠯᠡᠨ ᠪᠠᠶᠢᠴᠠᠭᠠᠬᠤ ᠶᠢᠨ | ᠬᠠᠮᠲᠤ ᠬᠤᠶᠠᠷ ᠭᠠᠵᠠᠷ ᠭᠤᠷᠪᠠᠨ ᠲᠠᠯ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠸᠠᠩ ᠱᠧᠩ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠥᠪᠥᠷ ᠮᠣᠩᠭᠤᠯ ᠤᠨ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ ᠡᠩᠬᠡᠳᠥ᠋ᠪᠰᠢᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠵᠶᠢ ᠶᠦᠩ ᠴᠢᠶᠠᠨ᠂ | ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠶ ᠱᠦᠨ ᠬᠤᠶᠠᠷ | ᠭᠠᠵᠠᠷ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ | ᠬᠤᠷᠠᠯ ᠠᠴᠠ 2024 ᠣᠨ ᠤ ᠬᠤᠶᠠᠷ ᠭᠠᠵᠠᠷ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ | ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢᠬᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ | ᠳᠠᠷᠠᠭᠠᠴᠢ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠢᠶ᠎ᠠ ᠪᠦᠬᠦᠢ ᠠᠵᠢᠯ ᠢ ᠦᠷᠨᠢᠬᠦᠯᠬᠦ ᠪᠠᠶᠢᠳᠠᠯ ᠤᠨ | ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠠᠢ᠃ | ᠰᠦᠬᠡ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ | ᠵᠢᠷᠤᠭᠰᠠᠨ ᠠᠴᠠ ᠨᠠᠭᠠᠰᠢᠬᠢ ᠣᠯᠤᠭᠰᠠᠨ ᠠᠵᠢᠯ ᠤᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠭᠤᠷᠪᠠᠨ | ᠲᠠᠯ᠎ᠠ ᠪᠠᠷ ᠢᠶᠠᠨ ᠤᠯᠠᠮ ᠨᠢᠭᠡ ᠠᠯᠬᠤᠮ ᠠᠵᠠ ᠲᠣᠬᠢᠶᠠᠯ ᠢ ᠠᠮᠵᠢᠵᠤ᠂ ᠣᠷᠣᠨ ᠪᠦᠰᠡ ᠶᠢᠨ ᠬᠠᠮᠵᠢᠯᠴᠠᠭ᠎ᠠ ᠶᠢ | ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠢᠭᠤᠯᠴᠢᠯᠠᠯ ᠤᠨ | ᠬᠠᠮᠲᠤᠷᠠᠯᠴᠠᠭ᠎ᠠ ᠶᠢ ᠴᠢᠩᠭᠠᠳᠬᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠥᠷᠨᠢᠭᠦᠯᠬᠦ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠢᠩᠭᠠᠨ ᠠᠶᠢᠮᠠᠭ ᠪᠣᠯᠤᠨ | ᠬᠥᠯᠥᠨ ᠪᠤᠶᠢᠷ ᠬᠤᠲᠠ ᠶᠢᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ | ᠣᠷᠣᠭᠤᠯᠵᠤ ᠭᠠᠳᠠᠭᠰᠢ ᠬᠦᠷᠭᠡᠬᠦ ᠵᠠᠮ ᠢ ᠬᠠᠮᠲᠤᠪᠠᠷ ᠠᠬᠢᠭᠤᠯᠬᠤ᠂ ᠤᠯᠠᠭᠠᠨᠬᠤᠳᠠ ᠷᠠᠰᠢᠶᠠᠨ ᠬᠠᠶᠢᠯᠠᠷ | ᠮᠠᠨᠵᠤᠤᠷ ᠤᠨ ᠤᠶᠢᠷ᠎ᠠ ᠣᠭᠲᠠᠷᠭᠤᠢ ᠶᠢᠨ ᠵᠢᠭᠤᠯᠴᠢᠯᠠᠯ ᠤᠨ ᠲᠥᠪᠯᠡᠷᠡᠭᠰᠡᠨ ᠣᠷᠣᠨ ᠢ ᠪᠠᠶᠢᠭᠤᠯᠬᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠩᠭᠠᠨ | ᠳᠠᠪᠠᠭᠠᠨ ᠳᠠᠬᠢ ᠠᠭᠤᠯᠠ ᠤᠰᠤ ᠤᠢ ᠮᠤᠳᠦ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠯᠪᠢᠨ ᠵᠠᠰᠠᠬᠤ ᠢᠨᠵᠧᠨᠧᠷᠢᠩ᠂ ᠶᠢᠨ ᠵᠢᠶᠠᠩ ᠭᠸᠤ | ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠷᠠᠰᠢᠶᠠᠨ ᠠᠴᠠ ᠬᠠᠶᠢᠯᠠᠷ ᠬᠦᠷᠬᠦ ᠰᠢᠭᠤᠳ ᠨᠡᠪᠲᠡᠷᠡᠬᠦ ᠵᠠᠮ ᠱᠤᠭᠤᠮ᠂ | ᠵᠠᠯᠠᠨ ᠠᠶᠢᠯ ᠤᠨ ᠮᠥᠬᠦᠵᠢ ᠪᠠᠯᠭᠠᠰᠤ ᠠᠴᠠ ᠷᠠᠰᠢᠶᠠᠨ ᠬᠦᠷᠬᠦ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠳᠦᠪᠡᠷ ᠠᠬᠢᠭᠤᠯᠵᠦ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ | ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠨᠡᠩ ᠤᠯᠠᠨ ᠦᠷ᠎ᠡ ᠪᠦᠲᠦᠭᠡᠯ ᠣᠯᠵᠤ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃ | ᠸᠠᠩ ᠸᠠᠩ ᠱᠧᠩ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠬᠦ ᠳᠡᠭᠡᠨ᠂ ᠬᠢᠩᠭᠠᠨ ᠠᠶᠢᠮᠠᠭ᠂ ᠣᠶ ᠰᠢᠭᠤᠶ ᠠᠵᠤ | ᠦᠢᠯᠡᠳᠪᠦᠷᠢ ᠶᠢᠨ ᠪᠦᠯᠦᠭᠯᠡᠯ ᠥᠩᠭᠡᠷᠡᠭᠰᠡᠨ ᠲᠠᠢ ᠪᠠᠨ ᠠᠳᠠᠯᠢ ᠪᠠᠷ ᠬᠦᠯᠦᠨ ᠪᠤᠶᠢᠷ ᠲᠠᠢ ᠬᠠᠮᠲᠤᠪᠠᠷ | ᠤᠷᠤᠭᠰᠢᠯᠠᠬᠤ ᠶᠢ ᠬᠦᠰᠡᠵᠦ ᠪᠠᠶᠢᠨ᠎ᠠ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ | ︽ᠨᠢᠭᠡ ᠲᠣᠤᠷ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠭᠠᠳᠠᠭᠠᠳᠤ | ᠨᠡᠭᠡᠭᠡᠯᠲᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠦᠯᠦᠨ ᠪᠤᠶᠢᠷ ᠬᠢᠩᠭᠠᠨ ᠤ ︽ | ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ ᠣᠷᠣᠭᠤᠯᠬᠤ︾ ︽ᠤᠮᠠᠷᠠᠲᠤ ᠶᠢᠨ ᠤᠰᠤ ᠶᠢ ᠡᠮᠦᠨᠡᠰᠢ ᠲᠠᠲᠠᠬᠤ︾ | ᠵᠡᠷᠭᠡ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠮᠲᠤᠪᠠᠷ ᠭᠤᠶᠤᠴᠢᠯᠠᠨ ᠣᠯᠵᠤ᠂ | ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ | ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠ ᠥᠪᠡᠷᠲᠡᠭᠡᠨ ᠵᠠᠰᠠᠬᠤ | ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠣᠶᠤᠨ ᠤᠬᠠᠭᠠᠨ ᠬᠦᠴᠦᠨ | ᠴᠢᠳᠠᠯ ᠢᠶᠠᠨ ᠡᠷᠭᠦᠨ᠎ᠡ ᠭᠡᠪᠡ᠃ | ᠡᠩᠬᠡᠲᠦ᠋ᠪᠰᠢᠨ᠂ ᠬᠦᠯᠦᠨ ᠪᠤᠶᠢᠷ ᠬᠢᠩᠭᠠᠨ ᠬᠤᠶᠠᠷ ᠭᠠᠵᠠᠷ ᠤᠨ ᠬᠢᠨ ᠬᠠᠮᠲᠤᠷᠠᠯᠴᠠᠭᠠᠨ ᠤ ᠠᠯᠤᠰ | ᠢᠷᠡᠭᠡᠳᠦᠢ ᠥᠷᠭᠡᠨ ᠠᠭᠤᠳᠠᠮ ᠶᠤᠮ᠂ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠬᠠᠷᠢᠶ᠎ᠠ | ᠭᠠᠵᠠᠷ ᠤᠨ ᠢᠶᠠᠨ ᠬᠡᠷᠡᠭᠴᠡᠭᠡ ᠳᠤ ᠰᠠᠭᠤᠷᠢᠯᠠᠵᠤ᠂ ᠴᠢᠬᠤᠯᠠ ᠶᠡᠭᠡ ᠲᠦᠷᠦᠯ ᠵᠦᠢᠯ ᠢ ᠨᠤᠳᠤᠭᠰᠢᠭᠤᠯᠤᠨ | ᠨᠠᠶᠢᠳᠠᠪᠤᠷᠢᠵᠢᠭᠤᠯᠬᠤ ᠶᠢ ᠢᠳᠡᠪᠬᠢᠳᠡᠢ ᠲᠦᠯᠦᠪᠵᠢᠬᠦᠯᠵᠦ᠂ ᠬᠤᠶᠠᠷ ᠭᠠᠵᠠᠷ ᠤᠨ ᠠᠵᠦ ᠠᠬᠤᠢ ᠨᠡᠶᠢᠭᠡᠮ ᠤᠨ ᠴᠢᠨᠠᠷ | ᠰᠠᠶᠢᠳᠠᠢ ᠬᠦᠭᠵᠢᠯᠳᠡ ᠳᠤ ᠤᠢ ᠰᠢᠭᠤᠢ ᠠᠵᠦ ᠦᠢᠯᠡᠳᠪᠦᠷᠢ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ | ᠢᠯᠡᠳᠭᠡᠪᠡ᠃ | ᠶᠠᠷᠢᠯᠴᠠᠬᠤ ᠬᠤᠷᠠᠯ ᠤᠨ ᠲᠠᠷᠠᠭ᠎ᠠ᠂ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ | ᠶᠠᠭᠰᠢ ᠬᠤᠳᠠ᠂ ᠬᠠᠶᠢᠯᠠᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ | ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠪᠠ | ᠮᠥᠰᠥ ᠴᠠᠰᠤᠨ ᠤ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠰᠢᠨ᠎ᠡ ᠡᠨᠧᠷᠭᠢ ᠪᠣᠯᠤᠨ ᠤᠯᠠᠮᠵᠢᠯᠠᠯᠲᠤ ᠡᠨᠧᠷᠭᠢ ᠶᠢᠨ | ᠠᠵᠤ ᠦᠢᠯᠡᠰ ᠢ ᠬᠠᠮᠵᠢᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠢᠨᠵᠢᠯᠡᠨ | ᠪᠠᠶᠢᠴᠠᠭᠠᠵᠤ ᠰᠤᠷᠤᠯᠴᠠᠪᠠ᠃ ᠬᠤᠸᠠ ᠨᠧᠩ ᠮᠧᠩ ᠨᠧᠩ ᠺᠣᠮᠫᠠᠨᠢ ᠳᠤ᠂ ᠬᠢᠩᠭᠠᠨ ᠠᠶᠢᠮᠠᠭ ᠤᠨ ᠰᠢᠨᠵᠢᠯᠡᠨ | ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠠᠵᠤ ᠠᠬᠤᠶᠢᠯᠠᠯ ᠪᠣᠯᠤᠨ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ᠂ ᠰᠠᠯᠬᠢᠨ ᠬᠦᠴᠦᠨ ᠭᠡᠷᠡᠯ ᠴᠡᠨᠡᠭ ᠤᠨ ᠥᠨᠳᠥᠷ ᠬᠠᠷᠢᠴᠠᠯ ᠲᠠᠢ ᠪᠤᠬᠢᠷᠳᠤᠯ ᠦᠭᠡᠢ ᠤᠰᠤᠲᠥ᠋ᠷᠥᠭᠴᠢ | ᠦᠢᠯᠡᠳᠴᠦ ᠨᠥᠭᠡᠴᠡᠯᠡᠵᠦ ᠬᠡᠷᠡᠭᠯᠡᠬᠦ ᠶᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠬᠦᠴᠦ ᠪᠠᠨ ᠬᠠᠮᠲᠤᠳᠬᠠᠨ ᠠᠬᠢᠭᠤᠯᠬᠤ᠂ ᠬᠢᠩᠭᠠᠨ ᠠᠶᠢᠮᠠᠭ ᠤᠨ ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ | ᠣᠷᠣᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ | ᠬᠠᠮᠲᠤ ᠶᠢᠨ ᠲᠠᠨᠢᠯᠲᠠ ᠲᠠᠢ ᠪᠣᠯᠵᠠᠢ᠃ ︵ᠰᠤᠨᠢᠨ︶ | | | | |