ᠤᠯᠠᠭᠠᠨᠬᠤᠳᠠ ᠲᠤᠤᠷ ᠰᠦᠯᠵᠢᠶᠠᠨ ᠤ ᠦᠢᠯᠡᠰ ᠪᠤᠰᠬᠠᠬᠤ ᠪᠤᠯᠪᠠᠰᠤᠷᠠᠯ ᠡᠷᠭᠢᠯᠡᠨ ᠠᠵᠢᠯ ᠤᠯᠭᠤᠯᠳᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/2/25
        ᠬᠦᠳᠡᠭᠡ ᠲᠤᠰᠬᠤᠨ ᠤ ᠬᠦᠳᠡᠯᠮᠤᠷᠢ ᠬᠦᠴᠤᠨ ᠤ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠬᠦᠯᠵᠤ᠂ ᠤᠯᠠᠨ ᠲᠦᠮᠡᠨ ᠤ ᠦᠢᠯᠡᠰ ᠪᠤᠰᠬᠠᠬᠤ ᠬᠠᠯᠠᠭᠤᠷᠠᠯ ᠪᠠ ᠴᠢᠳᠠᠪᠤᠷᠢ ᠶᠢ ᠪᠦᠬᠦ ᠲᠠᠯ᠎ᠠ ᠪᠠᠷ ᠤᠷᠮᠠᠰᠢᠭᠤᠯᠬᠤ ᠪᠠᠷ 2 ᠰᠠᠷ᠎ᠠ ᠶᠢᠨ 17 ᠤ ᠡᠳᠤᠷ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠠᠴᠠ ᠵᠤᠬᠢᠶᠠᠨ ᠪᠠᠶᠢᠭᠤᠯᠤᠭᠰᠠᠨ 2025 ᠤᠨ ᠤ ᠲᠤᠤᠷ ᠰᠦᠯᠵᠢᠶᠡᠨ ᠤ ᠦᠢᠯᠡᠰ ᠪᠤᠰᠬᠠᠬᠤ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠤᠨ ᠠᠩᠬᠢ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠥ ᠭᠠᠴᠠᠭᠠᠨ ᠳᠤ ᠶᠠᠪᠤᠭᠳᠠᠵᠤ᠂ 30 ᠭᠠᠷᠤᠢ ᠬᠦᠮᠤᠨ ᠪᠤᠯᠪᠠᠰᠤᠷᠠᠯ ᠳᠤ ᠤᠷᠤᠯᠴᠠᠪᠠ᠃        ᠲᠤᠰ ᠤᠳᠠᠭᠠᠨ ᠤ ᠪᠤᠯᠪᠠᠰᠤᠷᠠᠯ ᠨᠢ 7 ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠩᠭᠠᠨ ᠠᠶᠢᠮᠠᠭ ᠤᠨ ᠬᠢᠩᠭᠠᠨ ᠭᠡᠷ ᠤᠨ ᠶᠠᠪᠤᠳᠠᠯ ᠤᠨ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠶᠢᠨ ᠪᠠᠭᠰᠢ ᠠᠴᠠ ᠬᠢᠴᠢᠶᠡᠯ ᠤᠷᠤᠵᠤ᠂ ᠡᠯᠧᠺᠲᠷᠤᠨ ᠬᠤᠳᠠᠯᠳᠤᠭ᠎ᠠ ᠡᠷᠬᠢᠯᠡᠬᠦ᠂ ᠲᠤᠤᠷ ᠰᠦᠯᠵᠢᠶᠡᠨ ᠤ ᠡᠵᠡᠩᠨᠡᠨ ᠪᠤᠷᠤᠯᠠᠭᠤᠯᠭ᠎ᠠ᠂ ᠦᠢᠯᠡᠰ ᠪᠤᠰᠬᠠᠬᠤ ᠲᠦᠯᠤᠪᠯᠡᠭᠡ ᠵᠡᠷᠭᠡ ᠠᠭᠤᠯᠭ᠎ᠠ ᠪᠠᠷ ︽ᠤᠨᠤᠯ + ᠪᠤᠳᠠᠳᠤ ᠦᠢᠯᠡᠳᠤᠯᠭᠡ︾ ᠶᠢ ᠤᠶᠠᠯᠳᠤᠭᠤᠯᠬᠤ ᠵᠢᠭᠠᠨ ᠰᠤᠷᠭᠠᠯᠳᠠ ᠶᠢᠨ ᠬᠡᠯᠪᠡᠷᠢ ᠪᠠᠷ ᠤᠯᠠᠨ ᠲᠦᠮᠡᠨ ᠤ ᠲᠤᠤᠷ ᠰᠦᠯᠵᠢᠶᠡᠨ ᠤ ᠦᠢᠯᠡᠰ ᠪᠤᠰᠬᠠᠬᠤ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠬᠦᠯᠵᠤ᠂ ᠤᠯᠠᠨ ᠲᠦᠮᠡᠨ ᠤ ᠦᠢᠯᠡᠰ ᠪᠤᠰᠬᠠᠬᠤ ᠬᠠᠯᠠᠭᠤᠷᠠᠯ ᠢ ᠤᠷᠮᠠᠰᠢᠭᠤᠯᠤᠨ᠂ ᠤᠯᠠᠨ ᠲᠦᠮᠡᠨ ᠤ ᠤᠷᠤᠯᠭ᠎ᠠ ᠪᠠᠨ ᠨᠡᠮᠡᠭᠳᠡᠬᠦᠯᠬᠦ ᠪᠠ ᠤᠷᠤᠨ ᠲᠤᠭᠤᠷᠢᠭ ᠤᠨ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠪᠤᠯᠤᠨ᠎ᠠ᠃        ᠪᠤᠯᠪᠠᠰᠤᠷᠠᠯ ᠤᠨ ᠠᠬᠤᠢ ᠲᠠᠯᠠᠪᠠᠢ ᠳᠤ᠂ ᠰᠤᠷᠤᠯᠴᠠᠭᠴᠢ ᠠᠴᠠ ᠢᠳᠡᠪᠬᠢᠳᠠᠢ ᠤᠷᠤᠯᠴᠠᠨ᠂ ᠪᠠᠭᠰᠢ ᠲᠠᠢ ᠢᠳᠡᠪᠬᠢᠳᠠᠢ ᠬᠠᠷᠢᠯᠴᠠᠵᠤ᠂ ᠬᠦᠴᠢᠷ ᠠᠰᠠᠭᠤᠳᠠᠯ ᠢᠶᠠᠨ ᠬᠢᠨᠠᠮᠠᠭᠠᠢ ᠠᠰᠠᠭᠤᠵᠤ ᠰᠶᠢᠳᠪᠤᠷᠢᠯᠡᠪᠡ᠃ ᠰᠢᠰᠲ᠋ᠧᠮ ᠲᠠᠢ ᠰᠤᠷᠤᠯᠴᠠᠬᠤ ᠪᠠᠷ ᠲᠠᠮᠵᠢᠨ ᠰᠤᠷᠤᠯᠴᠠᠭᠴᠢ ᠠᠴᠠ ᠰᠢᠭᠤᠳ ᠨᠡᠪᠳᠡᠷᠡᠬᠦᠯᠭᠡ ᠶᠢᠨ ᠠᠵᠤ ᠦᠢᠯᠡᠰ ᠢ ᠬᠦᠨᠵᠡᠭᠡᠢ ᠤᠶᠢᠯᠠᠭᠠᠨ᠂ ᠪᠤᠳᠠᠳᠠᠢ ᠰᠢᠭᠤᠳ ᠨᠡᠪᠳᠡᠷᠡᠬᠦᠯᠭᠡ ᠶᠢᠨ ᠮᠡᠷᠭᠡᠵᠢᠯ ᠪᠠ ᠡᠵᠡᠩᠨᠡᠯᠳᠠ ᠶᠢᠨ ᠠᠷᠭ᠎ᠠ ᠶᠢ ᠰᠤᠷᠤᠯᠴᠠᠵᠠᠢ᠃ ᠲᠤᠰ ᠤᠳᠠᠭᠠᠨ ᠤ ᠪᠤᠯᠪᠠᠰᠤᠷᠠᠯ ᠡᠷᠬᠢᠯᠡᠭᠰᠡᠨ ᠨᠢ ᠤᠯᠠᠨ ᠲᠦᠮᠡᠨ ᠤ ᠡᠵᠡᠩᠨᠡᠯᠳᠠ ᠶᠢᠨ ᠦᠵᠡᠯ ᠰᠠᠨᠠᠭ᠎ᠠ ᠪᠠ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠭᠰᠡᠨ ᠢᠶᠠᠷ ᠪᠠᠷᠠᠬᠤ ᠦᠭᠡᠢ ᠠᠵᠢᠯ ᠤᠯᠬᠤ ᠱᠠᠭᠠᠷᠳᠠᠯᠭ᠎ᠠ ᠲᠠᠢ ᠤᠯᠠᠨ ᠲᠦᠮᠡᠨ ᠳᠤ ᠠᠵᠠ ᠲᠤᠬᠢᠶᠠᠯ ᠬᠠᠩᠭᠠᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠳᠤᠭᠠᠳᠤ ᠬᠦᠴᠤᠨ ᠢ ᠤᠷᠮᠠᠰᠢᠭᠤᠯᠵᠤ ᠴᠢᠳᠠᠪᠠ᠃        ᠭᠡᠭᠡᠨᠰᠦ᠋ᠮ᠎ᠠ ᠪᠠᠯᠭᠠᠰᠤ ᠨᠢ ᠤᠷᠤᠨ ᠲᠤᠭᠤᠷᠢᠭ ᠤᠨ ᠤᠯᠠᠨ ᠲᠦᠮᠡᠨ ᠤ ᠠᠵᠢᠯ ᠤᠯᠬᠤ ᠱᠠᠭᠠᠷᠳᠠᠯᠭ᠎ᠠ ᠶᠢ ᠦᠷᠬᠦᠯᠵᠢᠯᠡᠨ ᠠᠩᠬᠠᠷᠴᠤ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠲᠤᠭᠤᠷᠢᠨ ᠳᠤ᠂ ᠡᠯ᠎ᠠ ᠲᠦᠷᠤᠯ ᠤᠨ ᠬᠠᠨᠳᠤᠯᠭᠠᠳᠤ ᠴᠢᠨᠠᠷᠳᠠᠢ ᠮᠡᠷᠭᠡᠵᠢᠯ ᠤᠨ ᠪᠤᠯᠪᠠᠰᠤᠷᠠᠯ ᠢ ᠦᠷᠬᠦᠯᠵᠢᠯᠡᠨ ᠡᠷᠬᠢᠯᠡᠵᠤ᠂ ᠤᠯᠠᠨ ᠲᠦᠮᠡᠨ ᠤ ᠮᠡᠷᠭᠡᠵᠢᠯ ᠤᠨ ᠴᠢᠳᠠᠪᠤᠷᠢ ᠶᠢ ᠦᠨᠡᠨᠬᠦ ᠲᠡᠭᠡᠭᠰᠢᠯᠡᠬᠦᠯᠵᠤ ᠴᠢᠳᠠᠵᠠᠢ᠃ ︵ᠵᠢᠣ ᠰᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号