| ︽ᠪᠢ ᠵᠡᠮᠳᠡᠭ ᠠᠴᠠ ᠪᠤᠯᠵᠥ ᠥᠩᠭᠡᠷᠡᠭᠰᠡᠨ ᠳᠤ ᠦᠪᠡᠷ ᠤᠨ 15 ᠮᠤ᠋ ᠲᠠᠷᠢᠶ᠎ᠠ ᠪᠠᠨ ᠰᠠᠶ᠋ᠢ 5000 | ᠲᠦᠭᠦᠷᠢᠭ ᠢᠶᠠᠷ ᠲᠦᠷᠢᠶᠡᠰᠦᠯᠡᠨ ᠦᠭᠴᠦ ᠪᠠᠶᠢᠵᠠᠢ᠃ ᠤᠳᠤ ᠭᠠᠴᠠᠭ᠎ᠠ ᠶᠢᠨ ︿ᠲᠠᠷᠢᠶᠠᠯᠠᠩ ᠤᠨ ᠬᠤᠯᠪᠣᠭᠠᠲᠤ | ᠴᠣᠭᠴᠠ · ᠲᠤᠰᠬᠠᠢ ᠬᠤᠷᠰᠢᠶ᠎ᠠ﹀ ᠶᠢᠨ ᠬᠠᠪᠰᠤᠷᠤᠯᠭ᠎ᠠ ᠪᠠᠷ 1 ᠮᠦ ᠲᠠᠷᠢᠶ᠎ᠠ ᠳᠠᠭᠠᠨ ᠵᠦᠪᠬᠡᠨ 50 ᠲᠦᠭᠦᠷᠢᠭ ᠤᠨ | ᠤᠷᠤᠯᠠᠨ ᠲᠠᠷᠢᠬᠤ ᠰᠦᠢᠳᠭᠡᠯ ᠲᠤᠰᠢᠶᠠᠵᠤ ᠠᠮᠦ ᠪᠤᠳᠠᠭ᠎ᠠ ᠪᠠᠨ ᠬᠤᠷᠢᠶᠠᠭᠠᠳ ᠠᠪᠤᠪᠠᠯ ᠪᠤᠯᠴᠢᠬᠠᠨ᠎ᠠ᠃ ᠵᠢᠯ ᠳᠤ | ᠪᠠᠰᠠ 1 ᠲᠦᠮᠡ ᠭᠠᠷᠤᠢ ᠲᠦᠭᠦᠷᠢᠭ ᠤᠨ ᠤᠷᠤᠯᠭ᠎ᠠ ᠲᠠᠢ᠂ ᠡᠬᠦᠨ ᠠᠴᠠ ᠭᠠᠳᠠᠨ᠎ᠠ ᠤᠶᠢᠷ᠎ᠠ ᠤᠷᠴᠢᠮ ᠢᠶᠠᠷ ᠠᠷᠰᠠᠷ | ᠠᠵᠢᠯ ᠬᠢᠪᠡᠯ ᠵᠤᠬᠢᠬᠤ ᠬᠡᠮᠵᠢᠶᠡᠨ ᠤ ᠤᠷᠤᠯᠭ᠎ᠠ ᠤᠯᠵᠤ ᠲᠡᠶᠢᠯᠦᠨ᠎ᠠ︾ ᠭᠡᠵᠦ ᠤᠯᠠᠭᠠᠨᠬᠤᠳᠠ ᠶᠢᠨ ᠤᠯᠠᠭᠠᠨᠬᠠᠳᠠ | ᠪᠠᠯᠭᠠᠰᠦ ᠶᠢᠨ ᠬᠦᠨᠳᠡᠯᠡᠨ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠰᠠᠨ ᠡᠷᠦᠭᠡ ᠶᠠᠩ ᠴᠧᠩ ᠯᠢᠨ ᠢᠨᠢᠶᠠᠮᠰᠦᠭᠯᠡᠨ | ᠬᠡᠯᠡᠨ᠎ᠠ᠃ | ᠭᠠᠴᠠᠭ᠎ᠠ ᠶᠢᠨ ᠬᠠᠮᠲᠤ ᠨᠡᠶᠢᠳᠡ ᠶᠢᠨ ᠠᠵᠤ ᠠᠬᠤᠶ ᠪᠠᠭᠤᠷᠠᠶ᠂ ᠦᠢᠯᠡᠳᠪᠦᠷᠢᠯᠡᠯ ᠤᠨ ᠴᠢᠳᠠᠪᠤᠷᠢ ᠠᠨᠠᠢ | ᠵᠡᠷᠭᠡ ᠬᠦᠳᠡᠭᠡ ᠲᠤᠰᠬᠤᠨ ᠤ ᠬᠦᠭᠵᠢᠯᠳᠡ ᠶᠢ ᠬᠠᠷᠰᠢᠯᠠᠵᠦ ᠪᠠᠶᠢᠭ᠎ᠠ ᠠᠯᠢ ᠤᠯᠠᠨ ᠠᠰᠠᠭᠤᠳᠠᠯ ᠢ ᠰᠶᠢᠳᠪᠦᠷᠢᠯᠡᠬᠦ ᠪᠠᠷ | ᠤᠯᠠᠭᠠᠨᠬᠤᠳᠠ ︽ᠲᠠᠷᠢᠶᠠᠯᠠᠩ ᠤᠨ ᠬᠤᠯᠪᠤᠭᠠᠳᠦ ᠴᠤᠭᠴᠠ · ᠲᠤᠰᠬᠠᠢ ᠬᠤᠷᠰᠢᠶ᠎ᠠ︾ ᠶᠢ ᠡᠬᠦᠳᠦᠨ ᠪᠠᠶᠢᠭᠤᠯᠬᠤ ᠪᠠᠷ | ᠭᠠᠷᠳᠠᠴᠠ ᠪᠣᠯᠭᠠᠵᠤ᠂ ᠰᠤᠯᠠ ᠪᠠᠶᠢᠭ᠎ᠠ ᠡᠬᠢ ᠪᠠᠶᠠᠯᠢᠭ ᠢ ᠨᠡᠶᠢᠳᠭᠡᠵᠤ᠂ ᠲᠠᠷᠢᠶᠠᠴᠢᠳ ᠤᠨ ᠠᠰᠢᠭ ᠲᠤᠰᠠ ᠶᠢ | ᠬᠤᠯᠪᠣᠬᠤ ᠲᠣᠭᠲᠠᠭᠤᠨ ᠪᠥᠭᠡᠳ ᠥᠨᠳᠥᠷ ᠪᠦᠳᠦᠮᠵᠢᠳᠡᠢ ᠲᠤᠭᠳᠠᠴᠠ ᠶᠢ ᠪᠠᠶᠢᠭᠤᠯᠤᠨ᠂ ︽ᠨᠠᠮ ᠤᠨ | ᠪᠠᠶᠢᠭᠤᠯᠤᠯᠳᠠ ᠪᠠᠷ ᠬᠦᠳᠦᠯᠦᠨ ᠲᠠᠭᠠᠭᠤᠯᠵᠦ᠂ ᠤᠯᠠᠨ ᠲᠠᠯ᠎ᠠ ᠪᠠᠷ ᠬᠠᠮᠳᠦᠪᠡᠷ ᠠᠰᠢᠭ ᠬᠦᠷᠳᠡᠬᠦ︾ ᠪᠠᠶᠠᠵᠢᠯ ᠤᠨ | ᠰᠢᠨ᠎ᠡ ᠵᠠᠮ ᠢ ᠨᠡᠭᠡᠭᠡᠨ᠂ ᠲᠠᠷᠢᠶᠠᠴᠢᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠣᠷᠣᠯᠭ᠎ᠠ ᠶᠢᠨ | ᠨᠡᠮᠡᠭᠳᠡᠯ ᠢ ᠨᠢ ᠳᠠᠶᠢᠴᠢᠯᠠᠪᠠ᠃ | ︽ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠯᠠᠨ ᠲᠠᠭᠠᠭᠤᠯᠭ᠎ᠠ ᠶᠢᠨ ᠰᠠᠶᠢᠨ ᠢᠶᠠᠷ ᠤᠷᠤᠯᠭ᠎ᠠ | ᠤᠯᠠᠮ ᠢᠶᠠᠷ ᠨᠡᠮᠡᠭᠳᠡᠵᠦ᠂ ᠰᠡᠳᠬᠢᠯ ᠰᠠᠨᠠᠭ᠎ᠠ ᠴᠤ ᠪᠠᠶᠠᠰᠤᠯ᠎ᠠ᠃ ᠦᠩᠭᠡᠷᠡᠭᠰᠡᠨ ᠳᠤ ᠨᠢᠭᠡ ᠵᠢᠯ ᠲᠠᠷᠢᠶ᠎ᠠ ᠲᠠᠷᠢᠭᠠᠳ | ᠤᠷᠤᠯᠭ᠎ᠠ ᠨᠢ ᠵᠠᠷᠤᠯᠭ᠎ᠠ ᠳᠠᠭᠠᠨ ᠬᠦᠷᠬᠦ ᠦᠭᠡᠢ ᠪᠠᠶᠢᠳᠠᠯ ᠴᠤ ᠢᠯᠡᠷᠡᠨ᠎ᠠ᠂ ᠤᠳᠤ ︿ᠲᠠᠷᠢᠶᠠᠯᠠᠩ ᠤᠨ ᠬᠤᠯᠪᠤᠭᠠᠳᠦ | ᠴᠤᠭᠴᠠ · ᠲᠤᠰᠬᠠᠢ ᠬᠤᠷᠰᠢᠶ᠎ᠠ﹀ ᠳᠤ ᠤᠷᠤᠯᠴᠠᠭᠰᠠᠨ ᠠᠴᠠ ᠲᠠᠷᠢᠶ᠎ᠠ ᠠᠴᠠ ᠪᠠᠨ ᠵᠤᠬᠢᠬᠤ ᠬᠡᠮᠵᠢᠶᠡᠨ ᠤ ᠤᠷᠤᠯᠭ᠎ᠠ | ᠤᠯᠬᠤ ᠪᠤᠯᠤᠭᠰᠠᠨ ᠢᠶᠠᠷ ᠪᠠᠷᠠᠬᠤ ᠦᠭᠡᠢ ᠵᠠᠪ ᠰᠡᠯᠡᠬᠦᠦ ᠪᠠᠷ ᠢᠶᠠᠨ ᠡᠷᠬᠢᠨ ᠲᠤᠭᠤᠷᠢᠨ ᠢᠶᠠᠷ ᠰᠤᠯᠠ ᠠᠵᠢᠯ ᠬᠢᠵᠦ | ᠤᠷᠤᠯᠭ᠎ᠠ ᠪᠠᠨ ᠨᠡᠮᠡᠭᠳᠡᠬᠦᠯᠵᠦ᠂ ᠦᠳᠡᠯᠦᠭᠡ ᠨᠠᠰᠤᠳᠠᠨ ᠪᠤᠯᠤᠨ ᠬᠡᠤᠭᠡᠳ ᠢᠶᠠᠨ ᠬᠠᠷᠠᠭᠠᠯᠵᠠᠵᠦ ᠲᠡᠶᠢᠯᠦᠨ᠎ᠠ︾ ᠭᠡᠵᠦ | ᠤᠯᠠᠭᠠᠨᠬᠤᠳᠠ ᠶᠢᠨ ᠢᠯᠠᠯᠳᠠ ᠪᠠᠯᠭᠠᠰᠦ ᠶᠢᠨ ᠵᠡᠬᠦᠨ ᠪᠤᠳᠠᠷᠠᠭᠠᠨ ᠭᠠᠴᠠᠭ᠎ᠠ ᠶᠢᠨ ᠠᠨ ᠱᠤᠸᠠᠩ ᠰᠢ ᠪᠠᠶᠠᠷᠯᠠᠨ | ᠬᠡᠯᠡᠪᠡ᠃ | ᠭᠠᠭᠴᠠ ᠴᠡᠴᠡᠭ ᠪᠠᠳᠠᠷᠠᠨ ᠲᠡᠯᠭᠡᠷᠡᠬᠦ ᠨᠢ ᠬᠠᠪᠤᠷ ᠤᠨ ᠦᠵᠡᠮᠵᠢ ᠪᠢᠰᠢ᠂ ᠲᠦᠮᠡᠨ ᠴᠡᠴᠡᠭ ᠮᠢᠷᠠᠯᠵᠠᠨ | ᠲᠡᠯᠭᠡᠷᠡᠬᠦ ᠨᠢ ᠰᠠᠶ᠋ᠢ ᠬᠠᠪᠤᠷ ᠤᠨ ᠦᠵᠡᠮᠵᠢ ᠪᠤᠯᠤᠨ᠎ᠡ ᠭᠡᠳᠡᠭ ᠢᠶᠠᠷ᠂ ᠤᠯᠠᠭᠠᠨᠬᠤᠲᠠ ︽ᠲᠠᠷᠢᠶᠠᠯᠠᠩ ᠤᠨ | ᠬᠤᠯᠪᠤᠭᠠᠳᠦ ᠴᠤᠭᠴᠠ · ᠲᠤᠰᠬᠠᠢ ᠬᠤᠷᠰᠢᠶ᠎ᠠ︾ ᠶᠢᠨ ᠬᠡᠯᠪᠡᠷᠢ ᠪᠠᠷ ᠨᠢᠭᠡᠨᠳᠡ 100 ᠭᠠᠷᠤᠢ ᠶᠠᠳᠠᠭᠤ ᠠᠴᠠ | ᠠᠩᠬᠢᠵᠢᠷᠠᠭᠰᠠᠨ ᠡᠷᠦᠭᠡ᠂ ᠬᠦᠳᠡᠯᠮᠦᠷᠢ ᠬᠦᠴᠦᠨ ᠲᠤᠳᠠᠭᠳᠠᠬᠤ ᠡᠷᠦᠭᠡ ᠪᠠ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ | ᠡᠷᠦᠭᠡ ᠶᠢ ᠲᠠᠶᠢᠴᠢᠯᠠᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠪᠤᠶᠤ ᠭᠠᠵᠠᠷ ᠰᠢᠷᠤᠢ ᠶᠢᠨ ᠡᠵᠡᠩᠨᠡᠯᠳᠡ ᠶᠢᠨ | ᠡᠷᠭᠡ ᠶᠢ ᠰᠢᠯᠵᠢᠬᠦᠯᠬᠦ ᠪᠠᠷ ᠲᠠᠮᠵᠢᠨ 200 ᠲᠦᠮᠡᠨ ᠲᠦᠭᠦᠷᠢᠭ ᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠭᠰᠠᠨ | ᠪᠠᠶᠢᠨ᠎ᠠ᠃ | ︽ᠪᠢᠳᠡ ᠨᠢᠭᠡ ᠲᠠᠯ᠎ᠠ ᠪᠠᠷ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶ᠎ᠡ ᠪᠠᠨ | ᠳᠠᠭᠠᠭᠠᠵᠤ ᠲᠠᠶᠢᠴᠢᠯᠠᠨ ᠲᠠᠭᠠᠭᠤᠯᠬᠤ ᠪᠤᠶᠤ ᠬᠥᠳᠡᠭᠡ ᠲᠣᠰᠬᠤᠨ ᠤ ᠴᠢᠳᠠᠪᠤᠷᠢᠲᠠᠨ ᠢᠶᠠᠷ ᠪᠦᠷᠢᠯᠳᠦᠭᠰᠡᠨ ︿ | ᠲᠠᠷᠢᠶᠠᠯᠠᠩ ᠤᠨ ᠬᠤᠯᠪᠣᠭᠠᠲᠤ ᠴᠣᠭᠴᠠ · ᠲᠤᠰᠬᠠᠢ ᠬᠤᠷᠰᠢᠶ᠎ᠠ﹀ ᠶᠢ ᠵᠣᠬᠢᠶᠠᠨ ᠪᠠᠶᠢᠭᠤᠯᠵᠦ᠂ ᠲᠠᠷᠢᠶᠠᠯᠠᠩ | ᠦᠢᠯᠡᠳᠪᠦᠷᠢᠯᠡᠯ ᠢ ᠡᠷᠴᠢᠮᠵᠢᠬᠦᠯᠦᠨ ᠡᠵᠡᠩᠨᠡᠵᠦ᠂ ᠲᠠᠷᠢᠶᠠᠴᠢᠨ ᠡᠷᠦᠭᠡ ᠳᠤ ᠪᠦᠬᠦ ᠲᠠᠯ᠎ᠠ ᠪᠠᠷ ᠨᠠᠶᠢᠳᠠᠨ | ᠬᠠᠮᠢᠶᠠᠷᠠᠭᠤᠯᠬᠤ ᠮᠠᠶ᠋ᠢᠭ ᠤᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠪᠠ᠃ ᠬᠡᠰᠡᠭ ᠶᠠᠳᠠᠭᠤ ᠠᠴᠠ ᠠᠩᠭᠢᠵᠢᠷᠠᠭᠰᠠᠨ | ᠡᠷᠦᠬᠡ᠂ ᠬᠥᠳᠡᠯᠮᠦᠷᠢ ᠬᠦᠴᠦᠨ ᠲᠤᠳᠠᠭᠳᠠᠬᠤ ᠡᠷᠦᠭᠡ ᠪᠠ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠡᠷᠦᠭᠡ ᠳᠤ | ᠵᠠᠷᠤᠳᠠᠯ ᠰᠦᠢᠳᠭᠡᠯ ᠤᠨ ᠬᠠᠷᠠᠭᠠᠯᠵᠠᠯ᠂ ᠴᠢᠨᠠᠭᠰᠢᠯᠠᠪᠠᠯ ᠨᠡᠶᠢᠭᠡᠮᠴᠢᠯᠡᠭᠰᠡᠨ ᠦᠢᠯᠡᠴᠢᠯᠡᠭᠡ ᠶᠢ ᠦᠨ᠎ᠡ ᠲᠥᠯᠥᠪᠦᠷᠢ | ᠥᠬᠡᠶ ᠪᠠᠷ ᠬᠠᠩᠭᠠᠵᠦ᠂ ᠲᠠᠷᠢᠶᠠᠴᠢᠨ ᠡᠷᠦᠬᠡ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ | ᠪᠠᠶᠢᠨ᠎ᠠ᠃ ᠨᠥᠭᠦᠭᠡ ᠲᠠᠯ᠎ᠠ ᠪᠠᠷ᠂ ᠲᠠᠷᠢᠶᠠᠯᠠᠩ ᠦᠢᠯᠡᠳᠪᠦᠷᠢᠯᠡᠯ ᠠᠴᠠ ᠴᠢᠯᠥᠭᠡᠯᠡᠭᠳᠡᠵᠦ ᠭᠠᠷᠤᠭᠰᠠᠨ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠥᠳᠡᠯᠮᠦᠷᠢ ᠬᠦᠴᠦᠨ ᠲᠤᠳᠠᠭᠳᠠᠬᠤ ᠡᠷᠦᠭᠡ ᠪᠠ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ | ᠡᠷᠦᠭᠡ ᠵᠡᠷᠭᠡ ᠶᠢᠨ ᠬᠦᠷᠢᠶ᠎ᠡ ᠬᠠᠰᠢᠶ᠎ᠠ ᠶᠢᠨ ᠠᠵᠦ ᠠᠬᠤᠢ ᠶᠢ ᠬᠦᠭᠵᠢᠬᠦᠯᠬᠦ ᠪᠤᠶᠤ ᠭᠠᠳᠠᠭᠰᠢ ᠭᠠᠷᠴᠦ ᠬᠦᠯᠦᠰᠦᠨ | ᠠᠵᠢᠯ ᠬᠢᠬᠦ ᠶᠢ ᠵᠤᠷᠢᠭᠵᠢᠭᠤᠯᠪᠠ᠃ 2024 ᠣᠨ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠦᠳᠡᠯᠮᠦᠷᠢ | ᠬᠦᠴᠦᠨ ᠲᠤᠳᠠᠭᠳᠠᠬᠤ ᠡᠷᠦᠭᠡ ᠪᠠ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠡᠷᠦᠭᠡ ᠳᠤ ᠬᠦᠷᠢᠶ᠎ᠡ ᠬᠠᠰᠢᠶ᠎ᠠ ᠶᠢᠨ | ᠠᠵᠦ ᠠᠬᠤᠢ ᠶᠢ ᠬᠦᠭᠵᠢᠬᠦᠯᠬᠦ ᠪᠠᠷ ᠲᠠᠮᠵᠢᠭᠤᠯᠤᠨ 40 ᠭᠠᠷᠤᠢ ᠲᠦᠮᠡᠨ ᠲᠦᠭᠦᠷᠢᠭ ᠤᠨ ᠤᠷᠤᠯᠭ᠎ᠠ ᠶᠢᠨ | ᠨᠡᠮᠡᠭᠳᠡᠯ ᠢ ᠨᠢ ᠳᠠᠶᠢᠴᠢᠯᠠᠵᠤ᠂ ᠭᠠᠳᠠᠭᠰᠢ ᠭᠠᠷᠴᠦ ᠬᠦᠯᠦᠰᠦᠨ ᠠᠵᠢᠯ ᠬᠢᠭᠰᠡᠨ ᠤᠷᠤᠯᠭ᠎ᠠ 90.5 ᠲᠦᠮᠡᠨ | ᠲᠦᠭᠦᠷᠢᠭ ᠲᠤ ᠬᠦᠷᠦᠭᠰᠡᠨ ᠪᠠᠶᠢᠨ᠎ᠠ︾ ᠭᠡᠵᠦ ᠤᠯᠠᠭᠠᠨᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠵᠤᠬᠢᠶᠠᠨ ᠪᠠᠶᠢᠭᠤᠯᠤᠯᠳᠠ ᠶᠢᠨ ᠬᠤᠶᠠᠳᠤᠭᠠᠷ ᠲᠤᠭᠤᠶᠢᠯᠠᠩ ᠤᠨ ᠲᠠᠷᠤᠭ᠎ᠠ ᠱᠦᠢ ᠹᠧᠩ ᠱᠧᠩ | ᠲᠠᠨᠢᠯᠴᠠᠭᠤᠯᠤᠨ᠎ᠠ᠃ | ᠤᠳᠤᠬᠠᠨ ᠳᠤ᠂ ᠤᠯᠠᠭᠠᠨᠬᠤᠳᠠ ᠶᠢᠨ ︽ᠲᠠᠷᠢᠶᠠᠯᠠᠩ ᠤᠨ ᠬᠤᠯᠪᠤᠭᠠᠳᠦ ᠴᠤᠭᠴᠠ · ᠲᠤᠰᠬᠠᠢ ᠬᠤᠷᠰᠢᠶ᠎ᠠ︾ | ᠨᠢ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠵᠦ ᠴᠢᠨᠡᠭᠡᠯᠢᠭ ᠠᠮᠢᠳᠤᠷᠠᠯ ᠢ ᠡᠳ᠋ᠯᠡᠬᠦ ︽ᠠᠯᠳᠠᠨ ᠲᠦᠯᠬᠢᠬᠦᠷ︾ | ᠪᠤᠯᠤᠭᠰᠠᠨ ᠪᠠᠶᠢᠨ᠎ᠠ᠃ ︵ᠵᠢᠦ ᠵᠢᠶᠠ︶ | | | | |