ᠰᠤᠷᠭᠠᠭᠤᠯᠢ ᠡᠬᠢᠯᠡᠯ᠎ᠠ ᠡᠳᠡᠭᠡᠷ ᠤᠨᠠᠭᠤᠯᠢ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2025/2/25
        ᠰᠤᠷᠭᠠᠭᠤᠯᠢ ᠡᠬᠢᠯᠡᠬᠦ ᠶᠢ ᠳᠠᠭᠠᠯᠳᠤᠨ᠂ ᠰᠣᠷᠣᠭᠴᠢ ᠵᠢᠴᠢ ᠬᠡᠷ ᠤᠨ ᠠᠬᠠᠮᠠᠳ ᠲᠤ ᠬᠠᠨᠳᠤᠭᠤᠯᠤᠭᠰᠠᠨ ᠮᠡᠬᠡᠯᠡᠯ ᠣᠯᠠᠨ ᠡᠭᠦᠰᠭᠦ ᠪᠤᠯᠤᠨ᠎ᠠ᠃ ᠴᠠᠬᠳᠠᠭᠠᠨ ᠤ ᠳᠠᠯ᠎ᠠ ᠶᠢᠨ ᠬᠢᠨ ᠬᠠᠪᠰᠤᠷᠤᠨ ᠵᠢᠯᠣᠭᠤᠳᠬᠤ ᠠᠩᠭᠢ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠥᠨᠳᠥᠷ ᠴᠠᠯᠢᠩ ᠲᠠᠢ ᠠᠵᠢᠯ᠂ ᠲᠣᠭᠯᠠᠭᠠᠮ ᠤᠨ ᠲᠠᠩᠰᠠᠨ ᠨᠣᠮᠧᠷ ᠤᠨ ᠬᠤᠳᠠᠯᠳᠤᠭ᠎ᠠ ᠵᠡᠷᠭᠡ ᠳᠤ ᠬᠤᠯᠪᠤᠭᠳᠠᠭᠰᠠᠨ ᠮᠡᠬᠡᠯᠡᠯ ᠢ ᠰᠡᠷᠡᠮᠵᠢᠯᠡᠵᠦ᠂ ᠵᠤᠭᠤᠰ ᠮᠦᠩᠭᠦ ᠦᠭᠬᠦ ᠳᠡᠭᠡᠨ ᠤᠷᠢᠳ ᠢᠶᠠᠷ ᠬᠢᠨᠠᠨ ᠬᠠᠷᠭᠤᠭᠤᠯᠵᠤ᠂ ᠵᠠᠷᠢᠮ ᠮᠡᠬᠡᠯᠡᠯ ᠤᠨ ᠤᠨᠠᠭᠤᠯᠢ ᠳᠤ ᠤᠨᠠᠬᠤ ᠠᠴᠠ ᠬᠢᠴᠢᠶᠡᠬᠡᠷᠡᠢ ᠭᠡᠵᠦ ᠥᠷᠭᠡᠨ ᠣᠯᠠᠨ ᠬᠡᠷ ᠤᠨ ᠠᠬᠠᠮᠠᠳ ᠪᠣᠯᠤᠨ ᠰᠤᠷᠤᠭᠴᠢᠳ ᠲᠤ ᠰᠠᠨᠠᠭᠤᠯᠪᠠ᠃        ᠲᠢᠶᠠᠨᠵᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠲᠠᠩᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠳᠥᠷᠪᠡᠳᠦᠭᠡᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠳᠡᠳ᠋ ᠳᠠᠷᠤᠭ᠎ᠠ ᠯᠢ ᠵᠢᠶᠠ ᠯᠦ ᠶᠢᠨ ᠰᠠᠨᠠᠭᠤᠯᠤᠬᠰᠠᠨ ᠢᠶᠠᠷ᠂ ᠰᠤᠷᠭᠠᠭᠤᠯᠢ ᠡᠬᠢᠯᠡᠬᠦ ᠴᠠᠭ ᠪᠤᠯᠵᠤ ᠢᠷᠡᠪᠡᠯ ᠮᠡᠬᠡᠯᠡᠭᠴᠢᠳ ᠤᠨ ︽ᠪᠠᠰᠢᠷ︾ ᠲᠠᠰᠤᠷᠠᠯᠲᠠ ᠥᠬᠡᠶ ᠭᠠᠷᠴᠤ ᠢᠷᠡᠳᠡᠭ᠃ ᠵᠢᠱᠢᠶᠡᠯᠡᠪᠡᠯ᠂ ᠨᠡᠯᠢᠶᠡᠳ ᠣᠯᠠᠨ ᠡᠭᠦᠰᠳᠡᠭ ᠬᠠᠪᠰᠤᠷᠤᠨ ᠵᠢᠯᠣᠭᠤᠳᠬᠤ ᠠᠩᠭᠢ ᠶᠢᠨ ᠲᠤᠬᠠᠢ ᠮᠡᠬᠡᠯᠡᠯ ᠳᠤ ᠮᠡᠬᠡᠯᠡᠭᠴᠢ ᠬᠠᠪᠰᠤᠷᠤᠨ ᠵᠢᠯᠣᠭᠤᠳᠬᠤ ᠪᠠᠶᠢᠭᠤᠯᠤᠮᠵᠢ ᠶᠢᠨ ᠠᠵᠢᠯᠳᠠᠨ ᠪᠤᠶᠤ ᠰᠣᠷᠣᠭᠴᠢ ᠪᠠᠷ ᠣᠪᠯᠠᠵᠤ᠂ ᠰᠣᠷᠣᠭᠴᠢ ᠶᠢᠨ ᠬᠡᠷ ᠤᠨ ᠠᠬᠠᠮᠠᠳ ᠲᠠᠢ ᠬᠠᠷᠢᠯᠴᠠᠵᠤ᠂ ᠰᠣᠷᠣᠭᠴᠢ ᠶᠢ ᠬᠠᠪᠰᠤᠷᠤᠨ ᠵᠢᠯᠣᠭᠤᠳᠬᠤ ᠠᠩᠭᠢ ᠳᠤ ᠰᠤᠷᠤᠯᠴᠠᠬᠤ ᠴᠢᠬᠤᠯᠠᠳᠠᠢ ᠬᠡᠮᠡᠨ ᠬᠤᠳᠠᠯ ᠬᠡᠯᠡᠵᠦ᠂ ᠬᠡᠷ ᠤᠨ ᠠᠬᠠᠮᠠᠳ ᠢ ᠰᠦᠢᠳᠭᠡᠯ ᠲᠤᠰᠢᠶᠠᠬᠤ ᠬᠡᠷᠡᠭᠲᠡᠶ ᠭᠡᠵᠦ ᠱᠠᠭᠠᠷᠳᠠᠳᠠᠭ᠃ ᠮᠡᠬᠡᠯᠡᠭᠴᠢ ︽ᠰᠤᠷᠤᠭᠴᠢ ᠡᠯᠰᠡᠬᠦ ᠣᠷᠣᠨ ᠲᠤᠭ᠎ᠠ ᠬᠢᠵᠠᠭᠠᠷ ᠲᠠᠢ︾᠂ ︽ᠨᠡᠷ᠎ᠡ ᠮᠡᠳᠡᠭᠦᠯᠬᠦ ᠴᠠᠭ ᠦᠩᠬᠡᠷᠡᠬᠦ ᠪᠤᠯᠤᠯ᠎ᠠ︾ ᠵᠡᠷᠭᠡ ᠰᠢᠯᠲᠠᠭ ᠢᠶᠠᠷ ᠭᠡᠷ ᠤᠨ ᠠᠬᠠᠮᠠᠳ ᠢ ᠰᠠᠨᠳᠤᠷᠤᠭᠤᠯᠤᠨ᠂ ᠬᠢᠨᠠᠨ ᠬᠠᠷᠭᠤᠭᠤᠯᠬᠤ ᠵᠠᠪ ᠥᠬᠡᠶ ᠪᠤᠯᠭᠠᠬᠤ ᠶᠢᠨ ᠵᠡᠷᠭᠡ ᠪᠠᠷ ᠮᠡᠬᠡᠯᠡᠳᠡᠭ᠃        ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠮᠡᠬᠡᠯᠡᠯ ᠤᠨ ᠠᠵᠢᠯᠯᠠᠭ᠎ᠠ ᠳᠤ ᠮᠡᠬᠡᠯᠡᠭᠴᠢ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠣᠷᠣᠨ ᠲᠤᠭ᠎ᠠ ᠲᠠᠢ᠂ ᠮᠡᠳᠡᠭᠡ ᠵᠠᠩᠭᠢ ᠪᠠᠨ ᠬᠠᠩᠭᠠᠵᠤ ᠬᠠᠮᠢᠶ᠎ᠠ ᠪᠥᠬᠦᠶ ᠭᠠᠷᠳᠠᠮ ᠢ ᠭᠦᠢᠴᠡᠳᠭᠡᠪᠠᠯ ᠳᠠᠷᠤᠶ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠡᠷ ᠤᠨ ᠠᠬᠠᠮᠠᠳ ᠤᠨ ᠪᠠᠩᠬᠢ ᠶᠢᠨ ᠲᠠᠩᠰᠠᠨ ᠡᠷᠦᠬᠡ ᠳᠤ ᠣᠷᠣᠭᠤᠯᠵᠤ ᠪᠣᠯᠤᠨ᠎ᠠ ᠭᠡᠵᠤ ᠬᠤᠳᠠᠯ ᠬᠡᠯᠡᠳᠡᠭ᠃ ᠲᠡᠭᠡᠭᠡᠳ ᠬᠡᠷ ᠤᠨ ᠠᠬᠠᠮᠠᠳ ᠤᠨ ᠮᠡᠳᠡᠭᠡ ᠵᠠᠩᠭᠢ ᠶᠢ ᠨᠢ ᠮᠡᠬᠡᠯᠡᠨ ᠠᠪᠤᠭᠰᠠᠨ ᠤ ᠳᠠᠷᠠᠭ᠎ᠠ᠂ ᠮᠡᠬᠡᠯᠡᠭᠴᠢ ︽ᠬᠤᠯᠪᠣᠭᠳᠠᠯ ᠪᠥᠬᠦᠶ ᠰᠦᠢᠳᠭᠡᠯ ᠲᠤᠰᠢᠶᠠᠪᠠᠯ ᠰᠠᠶ᠋ᠢ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠵᠤ ᠪᠣᠯᠤᠨ᠎ᠠ︾ ᠭᠡᠳᠡᠭ ᠢᠶᠠᠷ ᠰᠢᠯᠲᠠᠭ ᠪᠣᠯᠭᠠᠵᠤ᠂ ᠬᠡᠷ ᠤᠨ ᠠᠬᠠᠮᠠᠳ ᠢ ᠵᠤᠭᠤᠰ ᠰᠢᠯᠵᠢᠭᠦᠯᠬᠦ ᠪᠠᠷ ᠱᠠᠭᠠᠷᠳᠠᠨ᠎ᠠ᠃        ᠵᠠᠬᠢᠶᠠᠯᠠᠭ᠎ᠠ ᠵᠠᠬᠢᠶᠠᠯᠠᠬᠤ᠂ ᠲᠣᠭᠯᠠᠭᠠᠮ ᠤᠨ ᠲᠠᠩᠰᠠᠨ ᠨᠣᠮᠧᠷ ᠤᠨ ᠮᠡᠬᠡᠯᠡᠯ ᠨᠢ ᠰᠤᠷᠭᠠᠭᠤᠯᠢ ᠡᠬᠢᠯᠡᠬᠦ ᠦᠶ᠎ᠠ ᠳᠤ ᠶᠡᠭᠡ ᠰᠤᠷᠭᠠᠭᠤᠯᠢ ᠶᠢᠨ ᠬᠦᠷᠢᠶᠡᠨ ᠳᠤ ᠤᠯᠠᠨ ᠡᠭᠦᠰᠳᠡᠭ᠃ ᠬᠠᠤᠯᠢ ᠪᠤᠰᠤ ᠡᠲᠡᠭᠡᠳ ᠥᠨᠳᠥᠷ ᠴᠠᠯᠢᠩ ᠢᠶᠠᠷ ᠰᠤᠷᠤᠭᠴᠢᠳ ᠢ ᠥᠳᠥᠭᠡᠨ ᠲᠠᠲᠠᠵᠤ ᠰᠦᠯᠵᠢᠶᠡᠨ ᠳᠡᠭᠡᠷ᠎ᠡ ᠵᠠᠬᠢᠶᠠᠯᠠᠭ᠎ᠠ ᠠᠪᠤᠭᠤᠯᠵᠤ᠂ ᠤᠷᠢᠳ ᠢᠶᠠᠷ ᠵᠢᠭᠠᠬᠠᠨ ᠠᠰᠢᠭ ᠤᠯᠭᠤᠵᠤ᠂ ᠰᠤᠷᠤᠭᠴᠢᠳ ᠶᠡᠭᠡ ᠬᠡᠮᠵᠢᠶᠡᠨ ᠤ ᠪᠠᠯᠠ ᠮᠥᠩᠭᠦ ᠣᠷᠣᠭᠤᠯᠤᠭᠰᠠᠨ ᠤ ᠳᠠᠷᠠᠭ᠎ᠠ᠂ ᠡᠯᠳᠡᠪ ᠵᠦᠢᠯ ᠤᠨ ᠰᠢᠯᠲᠠᠭ ᠢᠶᠠᠷ ᠴᠠᠯᠢᠩ ᠤᠯᠭᠤᠮᠵᠢ ᠶᠢ ᠨᠢ ᠦᠭᠬᠦ ᠦᠭᠡᠢ ᠪᠤᠯᠵᠤ ᠪᠡᠷ᠎ᠡ ᠰᠤᠷᠠᠭ ᠲᠠᠰᠤᠷᠠᠳᠠᠭ᠃ ᠵᠠᠷᠢᠮ ᠮᠡᠬᠡᠯᠡᠭᠴᠢ ᠲᠣᠭᠯᠠᠭᠠᠮ ᠤᠨ ᠲᠠᠪᠴᠠᠩ ᠪᠤᠶᠤ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠠ ᠲᠣᠭᠯᠠᠭᠠᠮ ᠤᠨ ᠲᠠᠩᠰᠠᠨ ᠨᠣᠮᠧᠷ ᠬᠤᠳᠠᠯᠳᠤᠨ ᠠᠪᠬᠤ ᠵᠠᠷ ᠨᠡᠶᠢᠲᠡᠯᠡᠵᠦ᠂ ᠬᠦᠮᠦᠰ ᠢ ᠱᠠᠭᠠᠷᠳᠠᠨ ᠨᠢᠭᠤᠴᠠ ᠲᠠᠪᠴᠠᠩ ᠳᠤ ᠵᠣᠭᠤᠰ ᠦᠭᠭᠦᠭᠦᠯᠦᠭᠰᠡᠨ ᠤ ᠳᠠᠷᠠᠭ᠎ᠠ ᠲᠠᠪᠴᠠᠩ ᠠᠰᠠᠭᠤᠳᠠᠯ ᠭᠠᠷᠤᠭᠰᠠᠨ ᠵᠡᠷᠭᠡ ᠰᠢᠯᠲᠠᠭᠠᠨ ᠢᠶᠠᠷ ᠬᠦᠮᠦᠰ ᠢ ᠨᠡᠩ ᠤᠯᠠᠨ ᠵᠣᠭᠤᠰ ᠦᠭᠬᠦᠭᠦᠯᠬᠦ ᠪᠠᠷ ᠱᠠᠭᠠᠷᠳᠠᠨ᠎ᠠ᠃        ᠯᠢ ᠵᠢᠶᠠ ᠯᠦ᠂ ᠮᠡᠬᠡᠯᠡᠭᠴᠢ ᠪᠠᠰᠠ ᠪᠠᠭᠰᠢ ᠰᠣᠷᠣᠭᠴᠢ ᠪᠠᠷ ᠣᠪᠯᠠᠨ ᠰᠢᠨ᠎ᠡ ᠰᠣᠷᠣᠭᠴᠢ ᠶᠢᠨ ᠵᠢᠷᠬᠢᠶ᠎ᠠ ᠬᠤᠯᠪᠤᠭ᠎ᠠ ᠳᠤ ︽ᠬᠤᠳᠬᠤᠨ ᠣᠷᠣᠵᠤ︾᠂ ᠭᠠᠷ ᠤᠲᠠᠰᠤ᠂ ᠤᠳᠠᠰᠤᠨ ᠺᠠᠷᠲ ᠵᠡᠷᠭᠡ ᠡᠳ᠋ ᠪᠣᠳᠠᠰ ᠪᠣᠷᠣᠯᠠᠭᠤᠯᠬᠤ ᠪᠤᠶᠤ ᠪᠠᠭᠰᠢ ᠪᠠᠷ ᠣᠪᠯᠠᠨ ᠬᠡᠷ ᠤᠨ ᠠᠬᠠᠮᠠᠳ ᠲᠤ ᠬᠠᠦᠯᠢ ᠪᠤᠰᠤ ᠰᠦᠯᠵᠢᠶ᠎ᠡ ᠬᠤᠯᠪᠣᠭᠠᠰᠤ ᠪᠥᠬᠦᠶ ᠴᠢᠮᠡᠭᠡ ᠶᠠᠪᠤᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠠᠴᠠ ᠰᠡᠷᠭᠡᠶᠢᠯᠡᠬᠦ ᠬᠡᠷᠡᠭᠳᠠᠢ ᠭᠡᠪᠡ᠃        ︽ᠡᠲᠡᠭᠡᠷ ᠪᠠᠶᠢᠳᠠᠯ ᠲᠤᠯᠭᠠᠷᠠᠪᠠᠯ᠂ ᠡᠩ ᠲᠡᠷᠢᠭᠦᠨ ᠳᠤ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠨ ᠬᠢᠨᠠᠨ ᠬᠠᠷᠭᠤᠭᠤᠯᠬᠤ ᠬᠡᠷᠡᠭᠲᠡᠶ︾᠃ ᠯᠢ ᠵᠢᠶᠠ ᠯᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠶᠡᠷᠦ ᠳᠡᠭᠡᠨ ᠰᠤᠷᠭᠠᠭᠤᠯᠢ ᠶᠢᠨ ᠠᠯᠪᠠᠨ ᠤ ᠲᠠᠯ᠎ᠠ ᠠᠴᠠ ᠨᠡᠶᠢᠲᠡᠯᠡᠳᠡᠭ᠂ ᠠᠯᠪᠠᠨ ᠤ ᠪᠤᠰᠤ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠥᠬᠡᠶ᠂ ᠨᠠᠩ ᠴᠤ ᠲᠠᠨᠢᠯ ᠪᠤᠰᠤ ᠲᠠᠩᠰᠠᠨ ᠡᠷᠦᠬᠡ ᠳᠤ ᠵᠣᠭᠤᠰ ᠭᠤᠪᠢᠭᠤᠯᠵᠤ ᠪᠣᠯᠬᠤ ᠥᠬᠡᠶ᠃ ᠰᠢᠨ᠎ᠡ ᠰᠤᠷᠤᠭᠴᠢᠳ ᠤᠨ ᠳᠤᠮᠳᠠ ᠰᠦᠢᠳᠭᠡᠯ ᠬᠤᠷᠢᠶᠠᠬᠤ ᠵᠡᠷᠭᠡ ᠶᠠᠪᠤᠳᠠᠯ ᠭᠠᠷᠪᠠᠯ᠂ ᠡᠷᠬᠡᠪᠰᠢ ᠰᠤᠷᠭᠠᠭᠤᠯᠢ ᠶᠢᠨ ᠪᠠᠭᠰᠢ ᠲᠠᠢ ᠬᠠᠷᠢᠯᠴᠠᠵᠤ ᠬᠢᠨᠠᠨ ᠬᠠᠷᠭᠤᠭᠤᠯᠬᠤ ᠬᠡᠷᠡᠭᠲᠡᠶ᠂ ᠬᠥᠩᠭᠡᠨ ᠬᠠᠭᠤᠳᠠᠮ ᠢᠶᠠᠷ ᠪᠤᠰᠤᠳ ᠢ ᠢᠲᠡᠭᠡᠵᠦ᠂ ᠲᠣᠳᠣᠷᠬᠠᠶ ᠪᠤᠰᠤ ᠰᠦᠯᠵᠢᠶᠡᠨ ᠤ ᠬᠤᠯᠪᠤᠭᠠᠰᠤ ᠳᠤ ᠤᠷᠤᠵᠤ ᠪᠣᠯᠬᠤ ᠥᠬᠡᠶ᠃ ᠬᠤᠪᠢ ᠬᠥᠮᠦᠨ ᠤ ᠮᠡᠳᠡᠭᠡ ᠵᠠᠩᠭᠢ ᠪᠠᠨ ᠵᠠᠳᠠᠷᠠᠭᠤᠯᠵᠤ ᠪᠤᠯᠬᠤ ᠥᠬᠡᠶ ᠂ ᠵᠤᠭᠤᠰ ᠰᠢᠯᠵᠢᠭᠦᠯᠬᠦ ᠳᠡᠭᠡᠨ ᠢᠯᠡᠭᠦᠬᠡᠨ ᠬᠢᠨᠠᠨ ᠬᠠᠷᠭᠤᠭᠤᠯᠬᠤ ᠬᠡᠷᠡᠭᠳᠠᠢ ᠭᠡᠵᠤ ᠰᠠᠨᠠᠭᠤᠯᠪᠠ᠃ ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号