| ᠬᠢᠩᠭᠠᠨ ᠠᠶᠢᠮᠠᠭ ᠤᠨ ᠤᠯᠠᠭᠠᠨᠬᠤᠳᠠ ᠶᠢᠨ ᠱᠦᠨ ᠶᠤᠸᠠᠨ ᠲᠠᠷᠢᠶᠠᠯᠠᠩ ᠮᠠᠯ ᠠᠵᠦ ᠠᠬᠤᠢ ᠶᠢᠨ ᠮᠠᠰᠢᠨ | ᠮᠧᠬᠠᠨᠢᠭ ᠦᠢᠯᠡᠳᠬᠦ ᠬᠢᠵᠠᠭᠠᠷᠳᠦ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ 100 ᠭᠠᠷᠤᠢ ᠠᠵᠢᠯᠴᠢᠨ | ᠦᠪᠡᠷ ᠦᠪᠡᠷ ᠤᠨ ᠠᠵᠢᠯ ᠤᠨ ᠪᠠᠶᠢᠷᠢ ᠳᠠᠭᠠᠨ ᠶᠠᠭᠠᠷᠠᠯᠳᠠᠢ ᠠᠵᠢᠯᠯᠠᠨ᠎ᠠ᠃ | ᠴᠠᠭᠠᠨ ᠰᠠᠷ᠎ᠠ ᠶᠢᠨ ᠠᠮᠠᠷᠠᠯᠳᠠ ᠦᠩᠭᠡᠷᠡᠭᠰᠡᠨ ᠤ ᠲᠠᠷᠠᠭ᠎ᠠ᠂ ᠬᠢᠩᠭᠠᠨ ᠠᠶᠢᠮᠠᠭ ᠤᠨ ᠭᠤᠤᠯᠳᠠᠯᠭ᠎ᠠ ᠲᠠᠢ | ᠠᠵᠦ ᠠᠬᠤᠶᠢᠯᠠᠯ ᠵᠠᠯᠭᠠᠪᠡᠷ ᠦᠢᠯᠡᠳᠪᠦᠷᠢᠯᠡᠯ ᠢᠶᠠᠨ ᠰᠡᠷᠬᠦᠭᠡᠵᠦ᠂ ᠵᠠᠬᠢᠶᠠᠯᠠᠭ᠎ᠠ ᠶᠢᠨ ᠬᠠᠭᠤᠳᠠᠰᠦ ᠪᠠᠨ | ᠪᠡᠶᠡᠯᠡᠬᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠦ᠂ ᠰᠢᠨ᠎ᠡ ᠵᠢᠯ ᠤᠨ ᠲᠦᠷᠦᠬᠦᠦ ᠤᠯᠠᠷᠢᠯ ᠳᠤ ᠡᠯ᠎ᠡ | ᠳᠦᠷᠦᠯ ᠤᠨ ᠠᠵᠢᠯ ᠢᠶᠠᠨ ᠤᠷᠤᠭᠰᠢᠳᠠᠢ ᠡᠭᠢᠯᠡᠭᠦᠯᠪᠡ᠃ ︽ᠣᠳᠣ ᠲᠡᠷᠭᠡᠨ ᠳᠤ ᠲᠡᠭᠡᠭᠡᠵᠦ ᠪᠠᠶᠢᠭ᠎ᠠ ᠦᠷ᠎ᠠ | ᠰᠠᠴᠤᠬᠤ ᠮᠠᠰᠢᠨ ᠪᠤᠯ ᠭᠠᠵᠠᠷ ᠢ ᠬᠠᠭᠠᠯᠪᠤᠷᠢᠯᠠᠬᠤ ᠦᠭᠡᠢ ᠪᠠᠷ ᠬᠡᠢ ᠰᠤᠷᠤᠭᠤᠯ ᠬᠡᠯᠪᠡᠷᠢ ᠪᠠᠷ ᠦᠷ᠎ᠠ ᠰᠠᠴᠤᠬᠤ | ᠬᠠᠮᠤᠭ ᠤᠨ ᠰᠢᠨ᠎ᠡ ᠮᠠᠰᠢᠨ ᠪᠤᠯᠤᠨ᠎ᠠ᠂ ᠬᠦᠯᠦᠨ ᠪᠤᠶᠢᠷ ᠬᠤᠳᠠ ᠳᠤ ᠬᠦᠷᠭᠡᠬᠦ ᠪᠠᠷ ᠪᠡᠯᠡᠳᠭᠡᠵᠦ ᠪᠠᠶᠢᠨ᠎ᠠ᠂ ᠨᠡᠶᠢᠳᠡ | 22 ᠰᠠᠤᠷᠢ᠂ ᠶᠡᠷᠦᠩᠭᠡᠢ ᠦᠷᠳᠡᠭ ᠨᠢ 300 ᠭᠠᠷᠤᠢ ᠲᠦᠮᠡᠨ ᠲᠦᠭᠦᠷᠢᠭ᠃ ᠡᠨᠡᠬᠦ ᠮᠠᠰᠢᠨ ᠢ ᠦᠢᠯᠡᠳᠬᠦ ᠳᠤ | ᠤᠤᠯ ᠤᠨ ᠬᠢ ᠠᠴᠠ ᠪᠠᠨ 20 ᠭᠠᠷᠤᠢ ᠵᠦᠢᠯ ᠤᠨ ᠮᠡᠷᠭᠡᠵᠢᠯ ᠢ ᠲᠡᠰ ᠲᠡᠪᠰᠢᠬᠦᠯᠵᠦ᠂ ᠤᠯᠤᠰ ᠤᠨ | ᠲᠤᠳᠤᠭᠠᠳᠦ ᠶᠢᠨ ᠲᠡᠷᠢᠬᠦᠨ ᠤ ᠬᠢᠷᠢ ᠲᠦᠪᠰᠢᠨ ᠳᠤ ᠬᠦᠷᠴᠡᠢ︾ ᠭᠡᠵᠦ ᠤᠯᠠᠭᠠᠨᠬᠤᠲᠠ ᠶᠢᠨ ᠱᠦᠨ ᠶᠤᠸᠠᠨ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ | ᠯᠢᠦ ᠱᠸᠦ ᠶᠤᠸᠠᠨ ᠬᠡᠯᠡᠪᠡ᠃ | ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠦᠢᠯᠡᠳᠬᠦ | ᠬᠢᠵᠠᠭᠠᠷᠲᠤ ᠺᠣᠮᠫᠠᠨᠢ ᠪᠣᠯ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ | ᠪᠣᠷᠣᠯᠠᠭᠤᠯᠬᠤ ᠪᠠ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠬᠠᠩᠭᠠᠬᠤ ᠵᠡᠷᠭᠡ ᠨᠢᠭᠡ ᠴᠤᠭᠴᠠᠵᠢᠭᠤᠯᠤᠭᠰᠠᠨ | ᠬᠡᠪᠴᠢᠶᠡᠵᠢᠯ ᠠᠴᠠ ᠳᠡᠭᠡᠭᠰᠢᠬᠢ ᠮᠠᠰᠢᠨ ᠮᠧᠬᠠᠨᠢᠭ ᠦᠢᠯᠡᠳᠬᠦ ᠠᠵᠤ ᠠᠬᠤᠶᠢᠯᠠᠯ ᠪᠣᠯᠤᠨ᠎ᠠ᠃ ᠬᠢᠩᠭᠠᠨ ᠠᠶᠢᠮᠠᠭ ᠤᠨ | ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠦᠢᠯᠡᠳᠬᠦ ᠲᠠᠭᠠᠭᠤᠯᠤᠭᠴᠢ ᠠᠵᠦ ᠠᠬᠤᠶᠢᠯᠠᠯ ᠪᠤᠯᠤᠭᠰᠠᠨ ᠤ | ᠬᠤᠪᠢ ᠳᠤ ᠲᠤᠰ ᠺᠣᠮᠫᠠᠨᠢ ᠬᠤᠶᠠᠷ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠪᠡ᠃ ᠡᠨᠡ ᠵᠢᠯ ᠤᠨ 2 ᠰᠠᠷ᠎ᠠ ᠶᠢᠨ 6 ᠤ ᠡᠳᠦᠷ | ᠤᠯᠤᠰ ᠤᠨ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠤᠨ ᠠᠴᠠ ᠴᠢᠬᠤᠯᠠ ᠶᠡᠭᠡ ᠮᠡᠷᠭᠡᠵᠢᠯ ᠤᠨ | ᠮᠠᠰᠢᠨ ᠮᠧᠬᠠᠨᠢᠭ ᠤᠨ ᠲᠠᠭᠠᠳᠬᠠᠯ ᠤᠨ ᠨᠦᠬᠦᠪᠦᠷᠢ ᠶᠢᠨ ᠲᠦᠷᠦᠯ ᠵᠦᠢᠯ ᠤᠨ ᠬᠢᠷᠢ ᠭᠡᠮ ᠢ ᠬᠢᠨᠠᠨ ᠲᠤᠭᠳᠠᠭᠠᠭᠰᠠᠨ | ᠦᠷ᠎ᠠ ᠳ᠋ᠦᠩ ᠢ ᠨᠡᠶᠢᠳᠡᠯᠡᠵᠦ᠂ ᠱᠦᠨ ᠶᠤᠸᠠᠨ ᠺᠤᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠳᠡᠭᠡᠳᠦ ᠬᠤᠷᠳᠤᠴᠠᠲᠤ ᠤᠶᠤᠨᠲᠤ ᠦᠷ᠎ᠡ ᠰᠠᠴᠤᠬᠤ ᠮᠠᠰᠢᠨ ᠠᠮᠵᠢᠯᠲᠠᠲᠠᠶ ᠪᠠᠷ ᠰᠣᠩᠭᠤᠭᠳᠠᠨ ᠤᠷᠤᠵᠦ᠂ ᠮᠦᠨ ᠴᠤ | ᠪᠥᠬᠦ ᠣᠷᠣᠨ ᠤ ᠴᠣᠷ ᠤᠨ ᠭᠠᠭᠴᠠ ᠰᠣᠩᠭᠤᠭᠳᠠᠨ ᠤᠷᠤᠭᠰᠠᠨ ᠠᠵᠤ ᠠᠬᠤᠶᠢᠯᠠᠯ ᠪᠤᠯᠵᠠᠢ᠃ | ︽ᠡᠨᠡ ᠵᠢᠯ ᠬᠠᠷᠠᠮᠦ᠋ᠷᠡᠨ ᠪᠠ ᠦᠪᠦᠷ ᠮᠤᠩᠭᠤᠯ ᠤᠨ ᠵᠡᠬᠦᠨ ᠬᠡᠰᠡᠭ ᠤᠨ ᠭᠠᠵᠠᠷ ᠤᠷᠤᠨ ᠤ 300 | ᠭᠠᠷᠤᠢ ᠲᠠᠷᠢᠶᠠᠯᠠᠩ ᠤᠨ ᠮᠠᠰᠢᠨ ᠤ ᠵᠠᠬᠢᠶᠠᠯᠠᠭ᠎ᠠ ᠶᠢ ᠲᠤᠰᠴᠠᠢ᠂ ᠪᠢᠳᠡ ᠭᠠᠳᠠᠷ ᠬᠡᠯᠪᠡᠷᠢ᠂ ᠪᠦᠲᠦᠴᠡ᠂ ᠭᠤᠤᠯᠯᠠᠬᠤ | ᠮᠡᠷᠭᠡᠵᠢᠯ ᠵᠡᠷᠭᠡ ᠲᠠᠯ᠎ᠠ ᠪᠠᠷ ᠤᠶᠤᠯᠢᠭ ᠦᠷ᠎ᠡ ᠰᠠᠴᠤᠬᠤ ᠮᠠᠰᠢᠨ ᠢ ᠪᠦᠬᠦ ᠲᠠᠯ᠎ᠠ ᠪᠠᠷ ᠲᠡᠰ ᠲᠡᠪᠰᠢᠬᠦᠯᠵᠦ᠂ ᠬᠢᠩᠭᠠᠨ | ᠠᠶᠢᠮᠠᠭ ᠤᠨ ᠲᠠᠷᠢᠶᠠᠯᠠᠩ ᠤᠨ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠨ᠎ᠡ︾ ᠭᠡᠵᠦ ᠤᠯᠠᠭᠠᠨᠬᠤᠲᠠ ᠶᠢᠨ | ᠱᠦᠨ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠯᠢᠦ ᠱᠸᠤ ᠶᠤᠸᠠᠨ ᠢᠯᠡᠳᠭᠡᠪᠡ᠃ · ᠯᠢ ᠵᠢᠶᠠᠨ ᠫᠢᠩ ᠵᠠᠩ ᠸᠧᠢ ᠨᠠᠨ · | | | | |