| ᠤᠶᠢᠷ᠎ᠠ ᠶᠢᠨ ᠡᠳᠦᠷ᠂ ᠰᠢᠨᠴᠧᠩ ᠵᠡᠬᠡᠯᠢ ᠶᠢᠨ ᠮᠠᠨᠳᠠ ᠨᠡᠶᠢᠬᠡᠮ ᠲᠤᠭᠤᠷᠢᠭ ᠲᠤᠮᠳᠠᠳᠤ ᠶᠢᠨ | ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ︽ᠲᠠᠪᠦᠨ ᠨᠢᠬᠡ︾ ᠤᠯᠠᠨ | ᠲᠦᠮᠡᠨᠴᠢ ᠠᠵᠢᠯ ᠤᠨ ᠠᠷᠭ᠎ᠠ ᠳᠤ ᠠᠩᠬᠠᠷᠦᠯ ᠢᠶᠠᠨ ᠲᠦᠪᠯᠡᠷᠡᠬᠦᠯᠦᠨ᠂ ᠤᠯᠠᠨ ᠲᠦᠮᠡᠨ ᠤ ᠱᠠᠭᠠᠷᠳᠠᠯᠭ᠎ᠠ ᠪᠠᠷ | ᠤᠳᠤᠷᠢᠳᠤᠮᠵᠢ ᠪᠤᠯᠭᠠᠵᠦ᠂ ᠬᠠᠮᠳᠤᠪᠡᠷ ᠰᠤᠷᠤᠯᠴᠠᠬᠤ ᠶᠢ ᠬᠦᠳᠦᠯᠦᠨ ᠵᠢᠯᠤᠭᠤᠳᠬᠤ᠂ ᠰᠤᠶᠤᠯ ᠢ ᠬᠠᠮᠳᠤᠪᠡᠷ ᠡᠳ᠋ᠯᠡᠬᠦ | ᠵᠡᠷᠭᠡ ᠲᠠᠯ᠎ᠠ ᠠᠴᠠ ᠭᠠᠷᠳᠠᠵᠦ᠂ ︽ᠲᠡᠷᠬᠡᠳᠡᠬᠢ ᠬᠦᠮᠦᠨ ᠳᠡᠭᠡᠨ ᠲᠤᠰᠠ ᠬᠢᠬᠦ︾ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ | ᠠᠵᠢᠯᠯᠠᠭ᠎ᠠ ᠳᠤ᠂ ᠤᠬᠠᠭᠤᠯᠤᠬᠴᠢ ᠤᠯᠠᠨ ᠲᠦᠮᠡᠨ ᠤ ᠠᠩᠬᠠᠷᠤᠯ ᠬᠠᠨᠳᠤᠭᠤᠯᠵᠦ ᠬᠠᠯᠠᠮᠵᠢᠯᠠᠵᠦ ᠪᠠᠶᠢᠭ᠎ᠠ | ᠠᠷᠠᠳ ᠤᠨ ᠠᠮᠢᠳᠦᠷᠠᠯ ᠤᠨ ᠠᠰᠠᠭᠤᠳᠠᠯ ᠠᠴᠠ ᠭᠠᠷᠳᠠᠵᠦ᠂ ᠠᠮᠢᠳᠤᠯᠢᠭ ᠬᠡᠷᠡᠭ ᠤᠨ ᠵᠢᠱᠢᠶ᠎ᠡ ᠪᠠ ᠪᠤᠳᠠᠳᠠᠢ ᠲᠤᠭ᠎ᠠ | ᠪᠠᠷᠢᠮᠳᠠ ᠪᠠᠷ ᠤᠯᠠᠨ ᠲᠦᠮᠡᠨ ᠳᠤ ᠬᠠᠮᠤᠭ ᠲᠤᠤᠷ᠎ᠠ ᠠᠮᠢᠳᠦᠷᠠᠯ ᠤᠨ ᠪᠠᠳᠦᠯᠠᠭ᠎ᠠ᠂ ᠰᠠᠭᠤᠭᠠᠯᠢ ᠠᠷᠠᠳ ᠤᠨ ᠬᠤᠳᠠ | ᠪᠠᠯᠭᠠᠰᠦ ᠶᠢᠨ ᠨᠠᠰᠦᠵᠢᠯ ᠤᠨ ᠠᠰᠠᠷᠠᠮᠵᠢ ᠶᠢᠨ ᠲᠠᠭᠠᠳᠬᠠᠯ᠂ ᠬᠤᠶᠠᠷ ᠬᠡᠤᠬᠡᠳ ᠭᠤᠷᠪᠠᠨ ᠬᠡᠤᠬᠡᠳ ᠦᠰᠬᠡᠬᠦ | ᠨᠦᠬᠦᠪᠦᠷᠢ ᠶᠢ ᠨᠢᠬᠡᠯᠡ ᠤᠳᠠᠭ᠎ᠠ ᠳᠤ ᠭᠤᠶᠤᠴᠢᠯᠠᠬᠤ ᠵᠡᠷᠭᠡ ᠠᠷᠠᠳ ᠲᠤ ᠠᠰᠢᠭ ᠬᠦᠷᠳᠡᠬᠡᠬᠦ ᠲᠦᠷᠦ ᠶᠢᠨ | ᠪᠤᠳᠤᠯᠭ᠎ᠠ ᠶᠢ ᠨᠠᠷᠢᠯᠢᠭ ᠲᠠᠶᠢᠯᠪᠦᠷᠢᠯᠠᠵᠦ ᠦᠭᠴᠡᠢ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ᠂ ᠤᠯᠠᠨ ᠲᠦᠮᠡᠨ ᠤ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠶᠢ ᠤᠶᠢᠯᠠᠭᠠᠬᠤ ᠨᠤᠷᠮ᠎ᠠ ᠶᠢ ᠦᠨᠡᠨᠬᠦ ᠲᠡᠭᠡᠭᠰᠢᠯᠡᠬᠦᠯᠬᠦ ᠵᠤᠷᠢᠯᠭ᠎ᠠ ᠳᠤ ᠪᠠᠨ | ᠬᠦᠷᠴᠦ ᠴᠢᠳᠠᠭᠰᠠᠨ ᠪᠠᠶᠢᠨ᠎ᠠ᠃ ᠯᠢ ᠯᠢᠶᠠᠩ ᠮᠡᠳᠡᠬᠡᠯᠡᠪᠡ |