ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠤᠯᠠᠭᠠᠨ ᠬᠦᠯᠡᠮᠵᠢ ᠶᠢᠨ ᠦᠢᠯᠡᠰ ᠢ ᠪᠠᠷᠢᠮᠵᠢᠶᠠᠵᠢᠭᠤᠯᠤᠨ ᠬᠦᠭᠵᠢᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2025/2/25
        ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠰᠢᠶᠠᠨ ᠹᠧᠩ ᠲᠤᠰᠬᠤᠨ ᠤ ᠲᠦᠬᠦᠭᠡᠷᠦᠮᠵᠢᠳᠦ ᠲᠠᠷᠢᠶᠠᠯᠠᠩ ᠤᠨ ᠲᠤᠯᠠᠭᠠᠨ ᠬᠦᠯᠡᠮᠵᠢ ᠳᠤ ᠲᠠᠷᠢᠶᠠᠴᠢᠳ ᠡᠯ᠎ᠡ ᠳᠦᠷᠦᠯ ᠤᠨ ᠢᠳᠡᠰᠢᠨ ᠨᠤᠭᠤᠭ᠎ᠠ ᠶᠢᠨ ᠴᠢᠬᠢ ᠶᠢ ᠰᠢᠯᠵᠢᠭᠦᠯᠦᠨ ᠵᠠᠶᠢᠯᠠᠵᠤ ᠶᠠᠭᠠᠷᠠᠯᠳᠤᠵᠦ᠂ ᠡ᠊ᠨᠳᠡ ᠤᠷᠢᠬᠠᠨ ᠬᠠᠪᠤᠷ ᠡᠷᠳᠡ ᠰᠠᠭᠠᠳᠠᠭᠰᠠᠨ ᠢ ᠮᠡᠳᠡᠭᠡᠯᠡᠨ᠎ᠡ᠃        ︽ᠢᠳᠡᠰᠢᠨ ᠨᠤᠭᠤᠭ᠎ᠠ ᠶᠢᠨ ᠴᠢᠬᠢ ᠰᠢᠯᠵᠢᠭᠦᠯᠦᠨ ᠵᠠᠶᠢᠯᠠᠬᠤ ᠳᠠᠭᠠᠨ ᠴᠢᠬᠢ ᠶᠢ ᠣᠨᠣᠪᠴᠢᠲᠠᠶ᠂ ᠲᠡᠭᠰᠢᠬᠡᠨ ᠵᠠᠶᠢᠯᠠᠵᠦ᠂ ᠰᠢᠷᠣᠶ ᠶᠢ ᠤᠷᠪᠠᠭᠤᠯᠬᠤ ᠳᠠᠭᠠᠨ ᠴᠢᠩᠭ᠎ᠠ ᠪᠥᠭᠡᠳ ᠵᠢᠭᠳᠡ ᠪᠠᠶᠢᠯᠭᠠᠬᠤ ᠶᠢ ᠪᠠᠳᠤᠯᠠᠵᠦ᠂ ᠵᠠᠶᠢᠯᠠᠭᠰᠠᠨ ᠤ ᠲᠠᠷᠠᠭ᠎ᠠ ᠤᠰᠤ ᠲᠤᠰᠤᠯᠭᠠᠬᠤ ᠭᠤᠭᠴᠤᠭ᠎ᠠ ᠶᠢ ᠰᠠᠶᠢᠳᠤᠷ ᠬᠢᠬᠦ ᠬᠡᠷᠡᠭᠳᠡᠢ᠃ ︿ᠲᠤᠰᠤᠯᠭᠠᠨ ᠤᠰᠤᠯᠠᠬᠤ﹀ ᠮᠡᠷᠭᠡᠵᠢᠯ ᠨᠢ ᠴᠠᠭ ᠲᠤᠬᠠᠢ ᠳᠤᠨᠢ ᠤᠰᠤ ᠪᠠ ᠪᠤᠷᠳᠤᠭᠤᠷ ᠨᠦᠬᠦᠪᠦᠷᠢᠯᠡᠬᠦ ᠪᠠᠷ ᠪᠠᠷᠠᠬᠤ ᠦᠭᠡᠢ ᠬᠦᠮᠦᠨ ᠤ ᠬᠦᠴᠦᠨ ᠤ ᠦᠪᠡᠷ ᠤᠨ ᠦᠷᠳᠡᠭ ᠢ ᠪᠠᠭᠤᠷᠠᠭᠤᠯᠵᠦ᠂ ᠢᠳᠡᠰᠢᠨ ᠨᠤᠭᠤᠭ᠎ᠠ ᠶᠢᠨ ᠶᠠᠰᠦ ᠴᠢᠨᠠᠷ ᠢ ᠨᠡᠩ ᠰᠠᠶᠢᠨ ᠪᠠᠳᠤᠯᠠᠵᠦ ᠴᠢᠳᠠᠨ᠎ᠠ︾ ᠭᠡᠵᠦ ︽ᠠᠯᠳᠠᠨ ᠲᠦᠯᠬᠢᠭᠦᠷ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠬᠢ ᠶᠢᠨ ᠪᠠᠢ ᠸᠧᠨ ᠰᠢᠶᠠᠩ ᠢᠳᠡᠰᠢᠨ ᠨᠤᠭᠤᠭ᠎ᠠ ᠶᠢᠨ ᠴᠢᠬᠢ ᠶᠢ ᠪᠠᠶᠢᠴᠠᠭᠠᠨ ᠦᠵᠡᠬᠦ ᠶᠢᠨ ᠲᠠᠭᠠᠤ ᠲᠠᠷᠢᠵᠦ ᠤᠷᠭᠤᠭᠤᠯᠬᠤ ᠡᠷᠦᠭᠡ ᠶᠢᠨ ᠱᠧᠩ ᠵᠢᠶᠦ᠋ᠨ ᠳᠤ ᠢᠳᠡᠰᠢᠨ ᠨᠤᠭᠤᠭ᠎ᠠ ᠶᠢᠨ ᠴᠢᠬᠢ ᠵᠠᠶᠢᠯᠠᠬᠤ ᠮᠡᠷᠭᠡᠵᠢᠯ ᠢ ᠤᠯᠠᠮᠵᠢᠯᠠᠨ᠎ᠠ᠃ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠬᠢᠨ ᠲᠠᠷᠢᠶᠠᠯᠠᠩ ᠤᠨ ᠰᠠᠯᠠᠭ᠎ᠠ ᠮᠦᠴᠢᠷ ᠪᠠ ᠨᠤᠳᠤᠭ ᠤᠨ ᠴᠢᠳᠠᠪᠤᠷᠢᠳᠠᠨ ᠤ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠲᠠᠷᠢᠵᠦ ᠤᠷᠭᠤᠭᠤᠯᠬᠤ ᠡᠷᠦᠭᠡ ᠳᠤ ᠲᠤᠯᠠᠭᠠᠨ ᠬᠦᠯᠡᠮᠵᠢ ᠶᠢᠨ ᠦᠢᠯᠡᠴᠢᠯᠡᠭᠡᠨ ᠤ ᠪᠠᠳᠤᠯᠠᠭ᠎ᠠ ᠬᠠᠩᠭᠠᠵᠦ᠂ ᠲᠤᠯᠠᠭᠠᠨ ᠬᠦᠯᠡᠮᠵᠢ ᠳᠤ ᠲᠠᠷᠢᠵᠦ ᠤᠷᠭᠤᠭᠤᠯᠬᠤ ᠦᠢᠯᠡᠰ ᠤᠨ ᠪᠠᠷᠢᠮᠵᠢᠶᠠᠵᠢᠭᠰᠠᠨ ᠬᠦᠭᠵᠢᠯᠳᠡ ᠶᠢ ᠠᠬᠢᠭᠤᠯᠵᠦ ᠪᠠᠶᠢᠨ᠎ᠠ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠯᠵᠢᠭᠦᠯᠦᠨ ᠵᠠᠶᠢᠯᠠᠭᠰᠠᠨ ᠲᠦᠪᠡᠳ ᠬᠠᠰᠢ ᠨᠢ 3 ᠰᠠᠷ᠎ᠠ ᠶᠢᠨ ᠰᠡᠬᠦᠯᠴᠢ ᠪᠠᠷ ᠵᠠᠬ᠎ᠠ ᠲᠡᠯᠭᠡᠬᠦᠷ ᠲᠤ ᠭᠠᠷᠴᠦ᠂ 5 ᠰᠠᠷ᠎ᠠ ᠶᠢᠨ ᠲᠤᠮᠳᠠᠴᠢ ᠪᠤᠯᠳᠠᠯ᠎ᠠ ᠪᠤᠷᠤᠯᠠᠭᠤᠯᠬᠤ ᠪᠤᠯᠤᠨ᠎ᠠ᠃        ︽ᠢᠳᠡᠰᠢᠨ ᠨᠣᠭᠤᠭ᠎ᠠ ᠳᠠᠷᠢᠬᠤ ᠪᠣᠯ ᠮᠠᠨ ᠤ ᠥᠪᠡᠷᠮᠢᠴᠡ ᠣᠨᠴᠠᠯᠢᠭ ᠲᠠᠢ ᠠᠵᠤ ᠦᠢᠯᠡᠰ ᠮᠥᠨ᠂ ᠬᠦᠷᠢᠶᠡᠯᠡᠩ ᠠᠴᠠ ᠲᠠᠷᠢᠶᠠᠯᠠᠩ ᠤᠨ ᠦᠨᠳᠦᠰᠦᠨ ᠳᠠᠪᠠᠭᠤᠯᠢᠭ ᠲᠤ ᠰᠠᠭᠤᠷᠢᠯᠠᠵᠤ᠂ ᠲᠦᠬᠦᠭᠡᠷᠦᠮᠵᠢᠳᠦ ᠲᠠᠷᠢᠶᠠᠯᠠᠩ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠠᠷᠳᠠᠴᠠ ᠪᠤᠯᠭᠠᠵᠦ᠂ ᠮᠡᠷᠭᠡᠵᠢᠯ ᠤᠨ ᠵᠢᠯᠤᠭᠤᠳᠤᠯᠭ᠎ᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠨᠡᠩ ᠤᠯᠠᠨ ᠲᠠᠷᠢᠵᠦ ᠤᠷᠭᠤᠭᠤᠯᠬᠤ ᠡᠷᠦᠬᠡ ᠶᠢ ᠵᠢᠱᠢᠶ᠎ᠡ ᠦᠵᠡᠭᠦᠯᠦᠨ ᠳᠠᠶᠢᠴᠢᠯᠠᠵᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠠᠷᠢᠵᠤ ᠤᠷᠭᠤᠭᠤᠯᠬᠤ᠂ ᠬᠦᠯᠡᠮᠵᠢ ᠶᠢᠨ ᠲᠤᠳᠤᠷ᠎ᠠ ᠵᠢᠮᠢᠰ ᠵᠢᠴᠢ ᠢᠳᠡᠰᠢᠨ ᠨᠤᠭᠤᠭ᠎ᠠ ᠲᠠᠷᠢᠵᠦ ᠤᠷᠭᠤᠭᠤᠯᠬᠤ ᠠᠵᠦ ᠦᠢᠯᠡᠰ ᠤᠨ ᠬᠡᠪᠴᠢᠶᠡᠵᠢᠯᠳᠡ᠂ ᠪᠠᠷᠢᠮᠵᠢᠶᠠᠯᠳᠠ ᠶᠢ ᠠᠬᠢᠭᠤᠯᠵᠦ᠂ ᠲᠠᠷᠢᠶᠠᠯᠠᠩ ᠤᠨ ᠦᠷ᠎ᠡ ᠠᠰᠢᠭ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠪᠤᠢ︾ ᠭᠡᠵᠦ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠤᠨ ᠨᠠᠮ ᠤᠨ ᠠᠵᠢᠯ ᠤᠨ ᠵᠦᠪᠯᠡᠯ ᠤᠨ ᠱᠦᠵᠢ ᠤᠷᠭᠤᠭ᠎ᠠ ᠬᠡᠯᠡᠨ᠎ᠡ᠃   ︵ᠰᠡᠷᠭᠡᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号