| | 2 ᠰᠠᠷ᠎ᠠ ᠶᠢᠨ 24 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶ᠎ᠠ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ 2024 ᠣᠨ ᠤ ᠪᠥᠬᠦ ᠬᠤᠲᠠ ᠶᠢᠨ ᠤᠯᠤᠰ ᠲᠥᠷᠥ ᠬᠠᠤᠯᠢ | ᠴᠠᠭᠠᠵᠠ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠪᠠ ᠲᠤᠷᠰᠢᠯᠭ᠎ᠠ ᠪᠠᠨ ᠳ᠋ᠦᠩᠨᠡᠵᠦ᠂ ᠣᠳᠣᠬᠠᠨ ᠤ | ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠵᠠᠳᠠᠯᠵᠤ᠂ 2025 | ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠠᠷᠠᠯᠲᠠ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠢᠦᠶ ᠳ᠋ᠡ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠵᠠᠩ | ᠴᠢᠤᠸᠠᠨ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠠᠶ ᠯᠢ ᠮᠢᠩ᠂ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠢᠦᠶ ᠵᠣᠣ ᠬᠤᠸᠠ᠂ ᠬᠤᠲᠠ ᠶᠢᠨ | ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠢᠦᠶ ᡁᠢ ᠴᠢᠶᠠᠩ ᠬᠤᠷᠠᠯ ᠳᠤ ᠣᠷᠣᠯᠴᠠᠪᠠ᠃ ᠢᠦᠶ ᠳ᠋ᠡ ᠮᠢᠩ | ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠳ᠋ᠠᠶ ᠯᠢ ᠮᠢᠩ ᠬᠤᠷᠠᠯ ᠢ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ | ᠨᠡᠶᠢᠭᠡᠮᠯᠢᠭ ᠤᠨ ᠶᠢᠰᠦᠳᠦᠭᠡᠷ ᠤᠳᠠᠭᠠᠨ ᠤ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠲᠠᠯᠪᠢᠭᠰᠠᠨ ᠢᠯᠡᠭᠡᠭᠰᠡᠨ ᠵᠠᠬᠢᠳᠠᠯ ᠤᠨ ᠵᠣᠷᠢᠭ ᠰᠠᠨᠠᠭ᠎ᠠ᠂ ᠲᠥᠪ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ | ᠤᠳᠠᠭᠠᠨ ᠤ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠠᠶᠢᠮᠠᠭ ᠤᠨ | ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ | ᠬᠤᠷᠠᠯ ᠠᠴᠠ᠂ 2024 ᠣᠨ ᠳᠤ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ | ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ | ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ | ᠬᠠᠩᠭᠠᠪᠠ ᠭᠡᠵᠦ ᠵᠢᠭᠠᠨ ᠭᠠᠷᠭᠠᠵᠠᠢ᠃ | ᠬᠤᠷᠠᠯ ᠠᠴᠠ᠂ 2025 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠬᠤ ᠵᠠᠩᠭᠢᠯᠠᠭ᠎ᠠ ᠶᠢᠨ ᠵᠢᠯ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠲᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾ ᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠪᠠᠷᠢᠮᠵᠢᠶᠠᠯᠠᠨ ᠬᠠᠷᠭᠤᠭᠤᠯᠵᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ︽ᠲᠠᠪᠤᠨ ᠶᠡᠭᠡ ᠡᠭᠦᠷᠭᠡ︾᠂ ︽ | ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢ ᠨᠠᠷᠢᠨ ᠨᠠᠶᠢᠳᠠᠪᠤᠷᠢᠵᠢᠭᠤᠯᠬᠤ ᠶᠢ ᠬᠦᠴᠦᠲᠡᠢ | ᠲᠤᠯᠭᠠᠭᠤᠷᠢᠯᠠᠬᠤ ᠬᠡᠷᠡᠭᠲᠡᠢ᠃ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ | ᠭᠦᠨᠵᠡᠭᠡᠶᠢᠷᠡᠭᠦᠯᠵᠦ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠨᠠᠮ ᠢ ᠴᠢᠩᠭ᠎ᠠ ᠬᠠᠮᠢᠶᠠᠷᠴᠤ | ᠴᠠᠭᠳᠠᠭ᠎ᠠ ᠶᠢ ᠴᠢᠩᠭ᠎ᠠ ᠵᠠᠰᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠᠭᠠᠨᠬᠤᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠳᠡᠭᠡᠷ᠎ᠡ᠂ ᠤᠯᠠᠭᠠᠨᠬᠤᠲᠠ ᠶᠢᠨ 4 ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡᠴᠢ | ᠵᠢᠴᠢ 3 ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠣᠰ ᠲᠣᠰ ᠠᠮᠤᠷ ᠠᠮᠤᠭᠤᠯᠠᠩ ᠤᠨ ᠪᠠᠶᠢᠭᠤᠯᠤᠯᠲᠠ᠂ ᠠᠮᠢᠨ | ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ | | | |