| | 2 ᠰᠠᠷ᠎ᠠ ᠶᠢᠨ 24 ᠤ ᠡᠳᠦᠷ᠂ ᠤᠯᠠᠭᠠᠨᠬᠤᠲᠠ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ | ᠠᠵᠢᠯ ᠤᠨ ᠬᠤᠷᠠᠯ ᠬᠤᠷᠠᠯᠳᠤᠭᠤᠯᠵᠤ᠂ 2025 ᠣᠨ ᠤ ᠵᠠᠬᠢᠳᠠᠯ ᠰᠤᠷᠪᠤᠯᠵᠢᠯᠠᠯ ᠤᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠢᠦᠶ ᠳ᠋ᠡ ᠮᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠾᠧ ᠫᠢᠩ ᠵᠡᠭᠡᠯᠢ ᠶᠢᠨ ᠨᠠᠮ ᠤᠨ ᠠᠵᠢᠯ ᠤᠨ ᠵᠥᠪᠯᠡᠯ | ᠤᠨ ᠱᠦᠵᠢ ᠵᠠᠩ ᠴᠢᠤᠸᠠᠨ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠳ᠋ᠠᠶ ᠯᠢ ᠮᠢᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠢᠦᠶ ᠵᠣᠣ | ᠬᠤᠸᠠ᠂ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠢᠦᠶ ᡁᠢ ᠴᠢᠶᠠᠩ ᠬᠤᠷᠠᠯ ᠳᠤ ᠣᠷᠣᠯᠴᠠᠪᠠ᠃ | ᠢᠦᠶ ᠳ᠋ᠡ ᠮᠢᠩ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠳ᠋ᠠᠶ ᠯᠢ ᠮᠢᠩ ᠬᠤᠷᠠᠯ ᠢ ᠡᠷᠭᠢᠯᠡᠪᠡ᠃ | ᠬᠤᠷᠠᠯ ᠠᠴᠠ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ | ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠶᠣᠰᠣᠭᠠᠷ᠂ ᠬᠡᠷᠡᠭ ᠳᠠᠷᠠᠭᠠᠯᠠᠨ ᠰᠤᠳᠤᠯᠤᠨ | ᠮᠠᠭᠠᠳᠯᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠠᠪᠤ ᠶᠢ ᠳᠠᠭᠠᠭᠠᠴᠢᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠲᠤᠰᠬᠠᠢ ᠰᠡᠳᠦᠪ ᠢᠶᠠᠷ ᠰᠤᠳᠤᠯᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ ᠪᠠ | ᠳᠣᠷᠣᠭᠰᠢ ᠰᠤᠷᠪᠤᠯᠵᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠵᠠᠬᠢᠳᠠᠯ ᠰᠤᠷᠪᠤᠯᠵᠢᠯᠠᠯ ᠤᠨ ᠬᠡᠷᠡᠭ ᠢ | ᠰᠢᠢᠳᠪᠦᠷᠢᠯᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠤᠯᠠᠨ ᠲᠦᠮᠡᠨ ᠢ | ᠬᠥᠲᠥᠯᠥᠨ ᠵᠢᠯᠣᠭᠤᠳᠴᠤ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠵᠠᠬᠢᠳᠠᠯ ᠰᠤᠷᠪᠤᠯᠵᠢᠯᠠᠯ ᠬᠢᠯᠭᠡᠵᠦ᠂ | ᠰᠤᠷᠪᠤᠯᠵᠢᠯᠠᠬᠤ ᠪᠠᠷ ᠳᠠᠷᠤᠯᠲᠠ ᠥᠭᠬᠦ᠂ ᠵᠢᠭᠤᠷᠠᠯᠳᠤᠨ ᠰᠤᠷᠪᠤᠯᠵᠢᠯᠠᠬᠤ᠂ ᠰᠤᠷᠪᠤᠯᠵᠢᠯᠠᠬᠤ ᠪᠠᠷ ᠠᠰᠢᠭ ᠬᠦᠷᠳᠡᠬᠦ | ᠵᠡᠷᠭᠡ ᠠᠵᠢᠯᠯᠠᠭ᠎ᠠ ᠳᠤ ᠡᠷᠡᠰ ᠴᠢᠩᠭ᠎ᠠ ᠴᠣᠬᠢᠯᠲᠠ ᠥᠭᠴᠦ᠂ ᠬᠡᠪ ᠤᠨ ᠵᠠᠬᠢᠳᠠᠯ ᠰᠤᠷᠪᠤᠯᠵᠢᠯᠠᠯ ᠤᠨ ᠡᠮᠬᠢ ᠳᠢᠭᠯᠢᠮ ᠢ | ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ | |