| | 2 ᠰᠠᠷ᠎ᠠ ᠶᠢᠨ 24 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠳᠥᠴᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠨ | ᠶᠠᠷᠢᠶ᠎ᠠ ᠲᠠᠯᠪᠢᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠤᠯᠤᠰ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ︽ᠤᠯᠠᠭᠠᠨᠬᠤᠲᠠ ᠶᠢᠨ | ᠣᠷᠣᠨ ᠰᠠᠭᠤᠴᠠ ᠶᠢᠨ ᠪᠠᠲᠤᠯᠠᠭ᠎ᠠ ᠶᠢᠨ ᠡᠭᠡᠯᠵᠢᠯᠡᠨ ᠬᠦᠯᠢᠶᠡᠬᠦ ᠬᠥᠮᠥᠷᠭᠡ ᠶᠢ ᠲᠦᠷᠭᠡᠨ ᠪᠠᠶᠢᠭᠤᠯᠬᠤ ᠠᠵᠢᠯ ᠤᠨ | ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠬᠥᠭᠵᠢᠯᠲᠡ ᠪᠣᠯ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ | ᠪᠣᠯᠤᠨ᠎ᠠ᠂ ᠪᠦᠬᠦ ᠬᠤᠳᠠ ᠪᠠᠷ ᠢᠶᠠᠨ ᠠᠵᠤ ᠠᠬᠤᠶᠢᠯᠠᠯ ᠳᠤ ᠦᠢᠯᠡᠴᠢᠯᠡᠬᠦ ᠶᠢ ᠴᠢᠬᠤᠯᠠ ᠡᠭᠦᠷᠭᠡ ᠪᠣᠯᠭᠠᠵᠤ᠂ ᠠᠷᠭ᠎ᠠ | ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠤᠶᠠᠨ | ᠬᠠᠳᠠᠨ ᠢᠶᠠᠷ ᠬᠠᠤᠯᠢ ᠬᠡᠷᠡᠭᠵᠢᠭᠦᠯᠬᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠴᠢᠬᠤᠯᠠᠴᠢᠯᠠᠵᠤ᠂ ︽ | ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭᠠᠴᠢᠨ ᠢ ᠬᠠᠶᠢᠷᠠᠯᠠᠬᠤ᠂ | ᠬᠤᠳᠠᠯᠳᠤᠭ᠎ᠠ ᠶᠢ ᠳᠡᠮᠵᠢᠬᠦ︾ ᠬᠥᠭᠵᠢᠯᠲᠡ ᠶᠢᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ︽ | ᠭᠤᠷᠪᠠᠨ ᠨᠠᠷᠢᠨ ᠲᠠᠩᠰᠠ︾ ᠪᠠᠷ ᠴᠢᠬᠤᠯᠠ ᠭᠠᠷᠳᠠᠴᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠥᠨᠳᠥᠷ ᠪᠦᠲᠦᠮᠵᠢᠲᠡᠶ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠬᠠᠮᠵᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ | ᠨᠠᠷᠢᠨ ᠲᠠᠩᠰᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ | ᠭᠠᠷᠭᠠᠬᠤ ᠶᠢ ᠪᠠᠲᠤᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠯ ᠬᠦᠯᠢᠶᠡᠬᠦ ᠳᠣᠷᠣᠭᠰᠢ ᠪᠠᠭᠤᠵᠤ ᠰᠤᠷᠪᠤᠯᠵᠢᠯᠠᠬᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠭᠤᠮᠣᠳᠠᠯ ᠱᠠᠭᠠᠷᠳᠠᠯᠭ᠎ᠠ ᠳᠤ ᠰᠢᠭᠤᠳ | ᠬᠠᠨᠳᠤᠵᠤ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠭᠤᠴᠠᠬᠤ ᠬᠥᠮᠦᠨ ᠲᠠᠢ᠂ ᠠᠬᠢᠭᠤᠯᠬᠤ | ᠬᠥᠮᠦᠨ ᠲᠠᠢ ᠪᠠᠶᠢᠵᠤ᠂ ᠠᠷᠭ᠎ᠠ ᠪᠦᠬᠦᠨ ᠢ ᠰᠦᠪᠡᠭᠴᠢᠯᠡᠵᠦ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠣᠳᠠᠲᠠᠢ | ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠪᠣᠳᠠᠲᠠᠢ ᠰᠢᠢᠳᠪᠦᠷᠢᠯᠡᠬᠦ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ | ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ︽ᠴᠢᠩᠭ᠎ᠠ︾ ᠶᠢᠨ ᠦᠵᠡᠯ ᠰᠠᠨᠠᠭ᠎ᠠ ᠶᠢ ᠰᠤᠯᠠᠷᠠᠭᠤᠯᠬᠤ ᠦᠭᠡᠢ | ᠪᠠᠶᠢᠬᠤ ᠶᠢ ᠢᠮᠠᠭᠲᠠ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ | ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | | | |