ᠤᠯᠠᠭᠠᠨᠬᠤᠲᠠ ᠠᠵᠢᠯ ᠣᠯᠭᠤᠯᠲᠠ ᠶᠢᠨ ᠰᠢᠨ᠎ᠠ ᠮᠠᠶ᠋ᠢᠬ ᠤᠨ ᠦᠢᠯᠡᠴᠢᠯᠡᠭᠡ ᠪᠠᠷ ᠠᠷᠠᠳ ᠲᠤ ᠠᠰᠢᠭ ᠬᠦᠷᠳᠡᠭᠡᠵᠦ ᠪᠤᠢ
ᠨᠡᠶᠢᠲᠡᠯᠡᠭᠰᠡᠨ ᠴᠠᠭ᠄
2025/2/26
        ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ︽ᠵᠠᠬᠢᠶᠠᠯᠠᠭ᠎ᠠ ᠶᠢᠨ ᠬᠠᠭᠤᠳᠠᠰᠤ + ᠪᠣᠯᠪᠠᠰᠤᠷᠠᠯ + ᠠᠵᠢᠯ ᠣᠯᠭᠤᠯᠲᠠ︾ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃        2024 ᠣᠨ ᠳᠤ᠂ ᠤᠯᠠᠭᠠᠨᠬᠤᠳᠠ ᠶᠢᠨ ᠡᡁᠤ ᠫᠢᠩ ᠵᠡᠭᠡᠯᠢ ᠶᠢᠨ ᠬᠤᠩ ᠫᠦ᠋ ᠨᠡᠶᠢᠭᠡᠮ ᠲᠣᠭᠤᠷᠢᠭ᠂ ᠭᠡᠭᠡᠨᠰᠦ᠋ᠮ᠎ᠡ ᠪᠠᠯᠭᠠᠰᠤ ᠶᠢᠨ ᠬᠠᠳᠠᠨ ᠠᠷᠦ ᠭᠠᠴᠠᠭ᠎ᠠ᠂ ᠲᠠᠮᠤᠷ ᠵᠠᠮ ᠤᠨ ᠪᠠᠷᠠᠭᠤᠨᠳᠡᠬᠢ ᠵᠡᠭᠡᠯᠢ ᠶᠢᠨ ᠰᠤᠯᠠ ᠠᠵᠢᠯ ᠤᠨ ᠵᠠᠬ᠎ᠠ ᠳᠡᠯᠭᠡᠭᠦᠷ ᠪᠣᠯᠤᠨ ᠬᠢᠩᠭᠠᠨ ᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠳᠤ ᠺᠤᠮᠫᠠᠨᠢ ᠳᠤ 7 ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠡᠷᠬᠢᠯᠡᠵᠦ᠂ 160 ᠭᠠᠷᠤᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠦᠭᠡᠢ ᠪᠠᠷ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠵᠠᠢ᠃        ︽ᠪᠢ ᠭᠡᠷ ᠤᠨ ᠡᠭᠦᠳᠡᠨ ᠳᠡᠭᠡᠨ ᠭᠠᠷ ᠤᠷᠠᠯᠠᠯ ᠰᠤᠷᠴᠤ ᠤᠷᠤᠯᠭ᠎ᠠ ᠪᠠᠨ ᠨᠡᠮᠡᠭᠳᠡᠭᠦᠯᠦᠨ᠎ᠠ ᠭᠡᠵᠦ ᠦᠨᠡᠬᠡᠷ ᠪᠣᠳᠣᠵᠤ ᠣᠯᠤᠭᠰᠠᠨ ᠦᠭᠡᠶ︾ ᠭᠡᠵᠦ ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠠᠮᠤᠷ ᠵᠠᠮ ᠤᠨ ᠪᠠᠷᠠᠭᠤᠨᠳᠡᠬᠢ ᠵᠡᠭᠡᠯᠢ ᠶᠢᠨ ᠭᠠᠩ ᠬᠤᠸᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠮᠢᠨ ᠪᠠᠶᠠᠷᠯᠠᠨ ᠬᠡᠯᠡᠪᠡ᠃        ︽ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠴᠠᠭ ᠨᠢ ᠬᠢᠵᠠᠭᠠᠷ ᠲᠠᠢ ᠪᠤᠯᠪᠠᠴᠦ ᠪᠢᠳᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡ ᠪᠣᠯ ᠬᠢᠵᠠᠭᠠᠷ ᠥᠬᠡᠶ ᠦᠷᠭᠦᠯᠵᠢᠯᠡᠳᠡᠭ ᠶᠤᠮ᠃ ᠨᠡᠶᠢᠲᠡ ᠶᠢᠨ ᠠᠰᠠᠷᠠᠮᠵᠢ ᠶᠢᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠭᠠᠷ ᠤᠷᠠᠯᠠᠯ ᠳᠤ ᠰᠣᠨᠢᠷᠬᠠᠯ ᠲᠠᠢ ᠰᠠᠭᠤᠭᠠᠯᠢ ᠠᠷᠠᠳ ᠦᠷᠭᠦᠯᠵᠢᠯᠡᠨ ᠨᠡᠷ᠎ᠡ ᠮᠡᠳᠡᠭᠦᠯᠵᠦ ᠪᠣᠯᠪᠠᠰᠤᠷᠠᠯ ᠳᠤ ᠣᠷᠣᠯᠴᠠᠵᠤ ᠪᠣᠯᠤᠨ᠎ᠠ᠃ ᠰᠤᠷᠤᠯᠭ᠎ᠠ ᠲᠡᠭᠦᠰᠦᠭᠰᠡᠨ ᠤ ᠳᠠᠷᠠᠭ᠎ᠠ ᠪᠠᠰᠠ ᠰᠦᠢᠳᠭᠡᠯ ᠬᠤᠷᠢᠶᠠᠬᠤ ᠦᠭᠡᠶ ᠪᠠᠷ ᠲᠦᠭᠦᠬᠡᠶ ᠮᠠᠲ᠋ᠧᠷᠢᠶᠠᠯ ᠰᠤᠩᠭᠤᠨ ᠠᠪᠴᠤ᠂ ᠰᠤᠯᠠ ᠰᠡᠯᠡᠭᠦᠦ ᠴᠠᠭ ᠢᠶᠠᠨ ᠠᠰᠢᠭᠯᠠᠨ ᠭᠡᠷ ᠲᠡᠭᠡᠨ ᠪᠦᠳᠦᠭᠡᠭᠳᠡᠭᠦᠨ ᠢᠶᠠᠨ ᠤᠷᠠᠯᠠᠵᠦ ᠪᠤᠯᠤᠨ᠎ᠠ︾ ᠭᠡᠵᠦ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠳᠡᠳ᠋ ᠱᠦᠵᠢ ᠪᠠᠶ ᠯᠢ ᠫᠢᠩ ᠲᠠᠨᠢᠯᠴᠠᠭᠤᠯᠵᠦ ᠪᠠᠶᠢᠯ᠎ᠠ᠃        ᠡᠭᠦᠨ ᠤ ᠬᠠᠮᠳᠦ᠂ ᠤᠯᠠᠭᠠᠨᠬᠤᠲᠠ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠭᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ᠵᠣᠬᠢᠶᠠᠮᠠᠯ ᠣᠶᠤᠨ ᠴᠢᠳᠠᠪᠤᠷᠢ ᠪᠠ ᠬᠡᠶᠢᠰᠪᠤᠷᠢ ᠪᠤᠳᠠᠳᠦ ᠠᠬᠤᠶ ᠶᠢᠨ ᠮᠡᠷᠭᠡᠵᠢᠯ ᠢ ᠣᠷᠣᠭᠤᠯᠤᠨ ᠠᠪᠴᠢᠷᠠᠵᠤ᠂ AI ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠨᠭ᠍ᠭᠠᠬᠤ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ᠂ ᠭᠠᠷᠠᠭ ᠪᠦᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠨᠭ᠍ᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠡᠷᠢᠭᠰᠡᠳ ᠲᠤ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠬᠠᠩᠭᠠᠪᠠ᠃        ︽ᠤᠯᠠᠭᠠᠨᠬᠤᠲᠠ · ᠬᠤᠩ ᠶᠠᠨ ᠠᠵᠢᠯ ᠤᠨ ᠪᠠᠶᠢᠷᠢ ᠬᠦᠷᠭᠡᠬᠦ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠨᠢ ᠪᠠᠰᠠ ᠡᠩ ᠤᠨ ᠠᠵᠢᠯ ᠲᠥᠷᠥᠯ᠂ ᠮᠠᠯᠴᠢᠨ ᠲᠠᠷᠢᠶᠠᠴᠢᠨ ᠵᠡᠷᠭᠡ ᠭᠥᠮᠥᠰ ᠲᠤ ᠴᠢᠭᠯᠡᠭᠦᠯᠦᠨ ᠲᠤᠰᠬᠠᠶ ᠰᠢᠭᠤᠳ ᠨᠡᠪᠲᠡᠷᠡᠭᠦᠯᠭᠡ ᠬᠢᠵᠦ᠂ ᠣᠲᠣ ᠪᠣᠯᠲᠠᠯ᠎ᠠ ᠨᠢᠭᠡᠨᠲᠡ 197 ᠲᠠᠯᠠᠪᠤᠷ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ 5147 ᠠᠵᠤ ᠠᠬᠤᠶᠢᠯᠠᠯ ᠣᠷᠣᠯᠴᠠᠵᠤ᠂ 3.1 ᠲᠦᠮᠡ ᠭᠠᠷᠤᠶ ᠠᠵᠢᠯ ᠤᠨ ᠪᠠᠶᠢᠷᠢ ᠬᠠᠩᠭᠠᠵᠤ᠂ 52 ᠲᠦᠮᠡ ᠰᠢᠬᠠᠮ ᠭᠥᠮᠥᠨ ᠰᠢᠭᠤᠳ ᠨᠡᠪᠳᠡᠷᠡᠭᠦᠯᠭᠡ ᠶᠢ ᠦᠵᠡᠵᠤ᠂ 1930 ᠭᠥᠮᠥᠨ ᠠᠵᠢᠯ ᠣᠯᠭᠤᠬᠤ ᠰᠠᠨᠠᠮᠵᠢ ᠳᠤᠭᠳᠠᠪᠠ᠃        ︽ᠪᠢᠳᠡ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠤᠶ ᠪᠣᠯᠭᠠᠵᠤ᠂ ᠠᠵᠢᠯ ᠡᠷᠢᠭᠰᠡᠳ ᠲᠤ ᠠᠵᠢᠯ ᠣᠯᠭᠤᠯᠲᠠ ᠶᠢᠨ ᠤᠯᠠᠨ ᠠᠷᠭ᠎ᠠ ᠵᠠᠮ ᠢ ᠨᠡᠭᠡᠭᠡᠵᠦ ᠥᠭᠭᠦᠭᠰᠡᠨ ᠪᠥᠭᠡᠳ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠠᠵᠢᠯ ᠣᠯᠭᠤᠯᠲᠠ ᠭᠡᠬᠦ ᠡᠨᠡᠬᠦ ᠬᠠᠮᠤᠭ ᠤᠨ ᠲᠣᠮᠣ ᠠᠷᠠᠳ ᠤᠨ ᠠᠮᠢᠳᠤᠷᠠᠯ ᠤᠨ ᠢᠨᠵᠧᠨᠧᠷᠢᠩ ᠢ ᠣᠯᠠᠨ ᠲᠦᠮᠡᠨ ᠳᠤ ᠦᠨᠡᠨᠬᠦ ᠬᠦᠷᠲᠡᠭᠡᠭᠰᠡᠨ ᠪᠠᠶᠢᠨ᠎ᠠ︾ ᠭᠡᠵᠦ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠵᠧᠩ ᠶᠢᠨ ᠬᠤᠶ ᠬᠡᠯᠡᠪᠡ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号