ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠬᠥᠳᠡᠭᠡ ᠲᠣᠰᠬᠤᠨ ᠤ ᠠᠷᠠᠳ ᠤᠨ ᠵᠠᠩ ᠦᠢᠯᠡ ᠶᠢᠨ ᠰᠣᠶᠣᠯ ᠢ ᠬᠥᠭᠵᠢᠭᠡᠵᠦ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/26
         ᠤᠢᠢᠷ᠎ᠠ ᠶᠢᠨ ᠵᠢᠯ ᠠᠴᠠ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤᠯᠠᠨ ᠠᠴᠠ ᠣᠨᠴᠠᠭᠠᠢ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠪᠣᠯᠤᠨ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢᠨ ᠰᠣᠶᠣᠯ ᠤᠨ ᠳᠠᠪᠠᠭᠤᠯᠢᠭ ᠲᠠᠭᠠᠨ ᠲᠦᠰᠢᠭᠯᠡᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠤᠢ᠃        ᠨᠢᠭᠡ ᠭᠠᠷᠠᠭ ᠤᠨ ᠪᠠᠴᠢᠮ ᠶᠠᠭᠠᠷᠠᠯᠲᠠᠢ ᠠᠵᠢᠯ ᠢᠶᠠᠨ ᠳᠠᠭᠤᠰᠬᠠᠵᠤ᠂ ᠵᠢᠭᠤᠯᠴᠢᠯᠠᠭᠴᠢ ᠴᠦ᠋ ᠬᠠᠢ ᠹᠧᠩ ᠰᠠᠨ ᠾᠧ ᠲᠣᠰᠬᠤᠨ ᠳᠤ ᠬᠦᠷᠴᠦ᠂ ᠡ᠊ᠡᠳᠡᠬᠢ ᠲᠠᠭᠠᠯᠠᠮᠵᠢᠲᠠᠢ ᠰᠠᠶᠢᠬᠠᠨ ᠪᠠᠶᠢᠳᠠᠯ ᠢ ᠡᠳ᠋ᠯᠡᠵᠦ᠂ ᠲᠡᠷᠡ ᠨᠢᠭᠡ ᠲᠠᠯ᠎ᠠ  ᠪᠠᠷ ᠰᠣᠯᠣᠩᠭᠤᠰ ᠦᠨᠳᠦᠰᠦᠲᠡᠨ ᠤ ᠬᠤᠪᠴᠠᠰᠤ ᠵᠠᠰᠠᠯ ᠢ ᠰᠣᠩᠭᠤᠵᠤ᠂ ᠨᠢᠭᠡ ᠲᠠᠯ᠎ᠠ ᠪᠠᠷ ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠤ ᠰᠠᠨ ᠾᠧ ᠲᠣᠰᠬᠤᠨ ᠤ ᠥᠨᠢ ᠤᠳᠠᠭᠠᠨ ᠲᠡᠦᠬᠡ ᠰᠣᠶᠣᠯ ᠤᠨ ᠲᠤᠬᠠᠢ ᠶᠠᠷᠢᠬᠤ ᠶᠢ ᠰᠣᠨᠣᠰᠤᠨ᠎ᠠ᠃
640.jpg
        ︽ᠪᠢ ᠠᠩᠬ᠎ᠠ ᠤᠳᠠᠭ᠎ᠠ ᠰᠠᠨ ᠾᠧ ᠠᠷᠠᠳ ᠤᠨ ᠵᠠᠩ ᠠᠭᠠᠯᠢ ᠵᠠᠩ ᠦᠢᠯᠡ ᠶᠢᠨ ᠶᠠᠪᠠᠭᠠᠨ ᠵᠡᠭᠡᠯᠢ ᠳᠤ ᠢᠷᠡᠵᠡᠢ᠂ ᠡ᠊ᠡᠳᠡ ᠰᠣᠯᠣᠩᠭᠤᠰ ᠦᠨᠳᠦᠰᠦᠲᠡᠨ ᠤ ᠵᠢᠩᠬᠢᠨᠢ ᠤᠯᠠᠮᠵᠢᠯᠠᠯᠲᠤ ᠠᠮᠲᠠᠲᠤ ᠢᠳᠡᠭᠡᠨ ᠢ ᠠᠮᠲᠠᠯᠠᠭᠰᠠᠨ ᠢᠶᠠᠷ ᠪᠠᠷᠠᠬᠤ ᠦᠭᠡᠢ᠂ ᠪᠠᠰᠠ ᠤᠯᠠᠮᠵᠢᠯᠠᠯᠲᠤ ᠦᠨᠳᠦᠰᠦᠲᠡᠨ ᠤ ᠬᠤᠪᠴᠠᠰᠤ ᠵᠠᠰᠠᠯ ᠢ ᠪᠡᠶᠡᠴᠢᠯᠡᠨ ᠣᠶᠢᠯᠠᠭᠠᠵᠤ᠂ ᠮᠠᠰᠢ ᠤᠯᠠᠨ ᠰᠠᠶᠢᠬᠠᠨ ᠰᠡᠭᠦᠳᠡᠷ ᠰᠡᠭᠦᠳᠡᠷᠯᠡᠵᠦ᠂ ᠣᠨᠴᠠᠭᠠᠢ ᠤᠳᠬ᠎ᠠ ᠠᠭᠤᠯᠭ᠎ᠠ ᠲᠠᠢ᠂ ᠠᠷᠠᠳ ᠤᠨ ᠵᠠᠩ ᠦᠢᠯᠡ ᠶᠢᠨ ᠠᠭᠤᠷ ᠠᠮᠢᠰᠬᠤᠯ ᠲᠠᠢ︾ ᠭᠡᠵᠦ ᠬᠤᠲᠠ ᠶᠢᠨ ᠠᠷᠠᠳ ᠴᠦ᠋ ᠬᠠᠢ ᠹᠧᠩ ᠬᠡᠯᠡᠪᠡ᠃
640 (1).jpg
        2022 ᠣᠨ ᠳᠤ᠂ ᠰᠠᠨ ᠾᠧ ᠲᠣᠰᠬᠤᠨ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠪᠠᠷ ᠲᠣᠬᠢᠶᠠᠯ ᠪᠣᠯᠭᠠᠵᠤ᠂ ᠠᠯᠢ ᠤᠯᠠᠨ ᠠᠷᠠᠳ ᠤᠨ ᠵᠠᠩ ᠦᠢᠯᠡ ᠶᠢᠨ ᠣᠨᠴᠠᠯᠢᠭ ᠲᠠᠢ ᠦᠵᠡᠮᠵᠢ ᠶᠢᠨ ᠵᠢᠵᠢᠭ ᠵᠦᠢᠯᠡᠰ ᠢ ᠤᠷᠠᠨ ᠢᠶᠠᠷ ᠵᠢᠷᠤᠵᠤ ᠲᠥᠯᠥᠪᠯᠡᠬᠦ ᠶᠢᠨ ᠬᠠᠮᠲᠤ ᠤᠤᠯ ᠤᠨ ᠤᠰᠤᠨ ᠰᠤᠪᠠᠭ ᠪᠣᠯᠤᠨ ᠬᠦᠷᠢᠶᠡᠨ ᠤ ᠬᠡᠷᠡᠮ ᠢ ᠥᠭᠡᠷᠡᠴᠢᠯᠡᠨ ᠭᠤᠶᠣᠯᠠᠵᠤ᠂ ᠥᠪᠡᠷᠮᠢᠴᠡ ᠲᠠᠲᠠᠬᠤ ᠬᠦᠴᠦᠨ ᠲᠠᠢ ᠰᠠᠨ ᠾᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠶᠢ ᠠᠮᠵᠢᠯᠲᠠ ᠲᠠᠢ ᠪᠠᠷ ᠪᠠᠶᠢᠭᠤᠯᠪᠠ᠃ ᠡᠳᠦᠭᠡ᠂ ᠡ᠊ᠡᠳᠡᠬᠢ ᠨᠢ ᠤᠨᠴᠠᠯᠢᠬᠳᠤ ᠢᠳᠡᠭᠡᠨ ᠤᠮᠳᠠᠭᠠᠨ᠂ ᠰᠣᠳᠣᠨ ᠠᠷᠠᠳ ᠤᠨ ᠪᠠᠭᠤᠳᠠᠯ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠭᠡᠷᠡᠯ ᠵᠢᠷᠤᠭ ᠤᠨ ᠤᠷᠠᠯᠢᠭ᠂ ᠰᠤᠳᠤᠯᠤᠨ ᠰᠤᠷᠤᠯᠴᠠᠬᠤ ᠣᠶᠢᠯᠠᠭᠠᠯᠲᠠ ᠵᠡᠷᠭᠡ ᠠᠷᠪᠠ ᠭᠠᠷᠤᠢ ᠵᠦᠢᠯ ᠤᠨ ᠡᠯᠪᠡᠭ ᠪᠠᠶᠠᠯᠢᠭ ᠤᠨᠴᠠᠯᠢᠬᠳᠤ ᠡᠵᠡᠩᠨᠡᠯᠲᠡ ᠶᠢᠨ ᠬᠡᠯᠪᠡᠷᠢ ᠶᠢ ᠬᠤᠷᠠᠮᠳᠤᠭᠤᠯᠵᠤ᠂ ᠡᠯ᠎ᠡ ᠭᠠᠵᠠᠷ ᠤᠨ ᠵᠢᠭᠤᠯᠴᠢᠯᠠᠭᠴᠢᠳ ᠤᠨ ᠠᠩᠬᠠᠷᠤᠯ ᠢ ᠲᠠᠲᠠᠪᠠ᠃        ᠤᠯᠠᠭᠠᠨᠬᠤᠲᠠ ᠶᠢᠨ ᠰᠠᠨ ᠾᠧ ᠾᠦᠢ ᠶᠢᠨ ᠬᠠᠷᠢᠭᠤᠴᠠᠯᠭᠠᠲᠠᠨ ᠵᠠᠩ ᠴᠦᠨ ᠶᠠᠨ᠄ ︽ᠮᠠᠨ ᠤ ᠭᠡᠷ ᠭᠤᠣᠯᠳᠠᠭᠤ ᠬᠤᠪᠴᠠᠰᠤ ᠬᠤᠨᠠᠷ ᠤᠨ ᠲᠦᠷᠢᠶᠡᠰᠦᠯᠡᠯ ᠬᠢᠵᠦ᠂ ᠪᠠᠰᠠ ᠰᠣᠯᠣᠩᠭᠤᠰ ᠦᠨᠳᠦᠰᠦᠲᠡᠨ ᠤ ᠣᠨᠴᠠᠯᠢᠭᠲᠤ ᠰᠤᠯᠠ ᠢᠳᠡᠭᠡᠨ ᠬᠤᠳᠠᠯᠳᠤᠵᠦ ᠪᠠᠶᠢᠨ᠎ᠠ᠂ ᠡᠨᠡ ᠵᠢᠯ ᠪᠢᠳᠡ ᠠᠷᠠᠳ ᠤᠨ ᠵᠠᠩ ᠦᠢᠯᠡ ᠶᠢᠨ ᠠᠵᠤ ᠦᠢᠯᠡᠰ ᠤᠨ ᠬᠥᠭᠵᠢᠯᠲᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠬᠥᠮᠦᠨ ᠳᠤ ᠰᠠᠨ ᠾᠧ ᠲᠣᠰᠬᠤᠨ ᠤ ᠠᠷᠠᠳ ᠤᠨ ᠵᠠᠩ ᠦᠢᠯᠡ ᠶᠢᠨ ᠰᠣᠶᠣᠯ ᠢ ᠣᠶᠢᠯᠠᠭᠠᠭᠤᠯᠤᠨ᠎ᠠ︾ ᠭᠡᠪᠡ᠃        ᠣᠶᠢᠷ᠎ᠠ ᠶᠢᠨ ᠵᠢᠯ ᠠᠴᠠ᠂ ᠰᠠᠨ ᠾᠧ ᠲᠣᠰᠬᠤᠨ ᠤᠷᠢᠳ ᠬᠤᠵᠢᠳ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ︾᠂ ︽ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ︾᠂ ︽ᠪᠥᠬᠦ ᠤᠯᠤᠰ ᠤᠨ ᠠᠮᠢ ᠠᠬᠤᠶ ᠶᠢᠨ ᠰᠣᠶᠣᠯ ᠤᠨ ᠲᠣᠰᠬᠤᠨ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ᠂ ᠤᠯᠠᠮ ᠠᠴᠠ ᠣᠯᠠᠨ ᠵᠢᠭᠤᠯᠴᠢᠯᠠᠭᠴᠢᠳ ᠡ᠊ᠡᠳᠡ ᠢᠷᠡᠵᠦ ᠰᠣᠯᠣᠩᠭᠤᠰ ᠦᠨᠳᠦᠰᠦᠲᠡᠨ ᠤ ᠠᠮᠲᠠᠲᠤ ᠢᠳᠡᠭᠡᠨ ᠢ ᠠᠮᠲᠠᠯᠠᠨ᠂ ᠰᠣᠯᠣᠩᠭᠤᠰ ᠦᠨᠳᠦᠰᠦᠲᠡᠨ ᠤ ᠳᠠᠭᠤᠤ ᠪᠥᠵᠢᠭ ᠢ ᠰᠣᠨᠢᠷᠬᠠᠵᠤ᠂ ᠰᠣᠯᠣᠩᠭᠤᠰ ᠦᠨᠳᠦᠰᠦᠲᠡᠨ ᠤ ᠠᠷᠠᠳ ᠤᠨ ᠰᠤᠷᠲᠠᠯ ᠢ ᠮᠡᠳᠡᠷᠡᠵᠦ᠂ ᠦᠵᠡᠮᠵᠢ ᠨᠢ ᠭᠤᠶᠣ ᠰᠠᠶᠢᠬᠠᠨ᠂ ᠬᠥᠮᠦᠨ ᠨᠢ ᠲᠣᠳᠤᠨᠤᠰᠤᠭ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠵᠢᠷᠤᠭ ᠶᠠᠭ ᠰᠠᠨ ᠾᠧ ᠲᠣᠰᠬᠤᠨ ᠳᠤ ᠠᠯᠬᠤᠮ ᠠᠯᠬᠤᠮ ᠢᠶᠠᠷ ᠳᠡᠯᠭᠡᠭᠳᠡᠵᠦ ᠪᠠᠶᠢᠨ᠎ᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号