| ︽ᠵᠠᠰᠠᠭ ᠵᠠᠬᠢᠷᠭᠠᠨ ᠤ ᠳᠠᠬᠢᠨ ᠵᠥᠪᠯᠡᠬᠦ ᠨᠢ ᠮᠠᠨ ᠤ ᠲᠣᠷᠭᠠᠭᠤᠯᠢ ᠶᠢᠨ ᠮᠦᠡᠭᠭᠦ ᠶᠢ ᠬᠠᠰᠤᠵᠤ | ᠬᠡᠯᠲᠦᠷᠢᠭᠦᠯᠬᠦ ᠳᠤ ᠬᠠᠪᠰᠤᠷᠤᠮᠵᠢ ᠪᠣᠯᠤᠭᠰᠠᠨ ᠢᠶᠠᠷ ᠪᠠᠷᠠᠬᠤ ᠦᠭᠡᠶ ᠪᠠᠰᠠ ᠮᠠᠨ ᠤ ᠪᠠᠭᠤᠳᠠᠯ ᠤᠨ ᠬᠡᠪ ᠤᠨ | ᠡᠵᠡᠩᠨᠡᠯᠲᠡ ᠶᠢ ᠲᠦᠷᠭᠡᠨ ᠢᠶᠠᠷ ᠰᠡᠷᠭᠦᠭᠡᠭᠰᠡᠨ ᠪᠠᠶᠢᠨ᠎ᠠ︾ ᠭᠡᠵᠥ ᠣᠶᠢᠷ᠎ᠠ ᠳᠤ᠂ ᠬᠢᠩᠭᠠᠨ ᠠᠶᠢᠮᠠᠭ ᠤᠨ ᠷᠠᠰᠢᠶᠠᠨ | ᠬᠤᠲᠠ ᠶᠢᠨ ᠨᠢᠭᠡᠨ ᠪᠠᠭᠤᠳᠠᠯ ᠤᠨ ᠬᠠᠷᠢᠭᠤᠴᠠᠯᠭᠠᠲᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ | ᠠᠵᠢᠯᠲᠠᠨ ᠢ ᠰᠠᠶᠢᠰᠢᠶᠠᠨ ᠮᠠᠭᠳᠠᠵᠦ ᠪᠠᠶᠢᠯ᠎ᠠ᠃ | ᠤᠤᠯ ᠨᠢ ᠲᠤᠰ ᠵᠣᠴᠢᠳ ᠤᠨ ᠪᠠᠭᠤᠳᠠᠯ 8000 ᠲᠥᠭᠦᠷᠢᠭ ᠢᠶᠠᠷ ᠲᠣᠷᠭᠠᠭᠳᠠᠵᠤ᠂ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠤᠶᠤᠴᠢᠯᠠᠬᠰᠠᠨ ᠪᠠᠶᠢᠵᠠᠶ᠃ | ᠳᠠᠬᠢᠨ ᠵᠥᠪᠯᠡᠬᠦ ᠪᠠᠶᠢᠭᠤᠯᠭ᠎ᠠ ᠪᠠᠶᠢᠴᠠᠭᠠᠯᠳᠠ ᠪᠠᠷ ᠲᠠᠮᠵᠢᠨ ᠳᠤᠰ ᠪᠠᠭᠤᠳᠠᠯ ᠳᠤ ᠬᠡᠳᠦᠶᠢᠪᠡᠷ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠦᠨᠡᠨ ᠬᠦ ᠣᠷᠣᠰᠢᠵᠤ ᠪᠠᠶᠢᠭ᠎ᠠ ᠪᠣᠯᠪᠠᠴᠤ ᠦᠢᠯᠡ ᠪᠠᠶᠢᠳᠠᠯ ᠨᠢ ᠬᠥᠩᠭᠡᠨ | ᠪᠥᠭᠡᠳ ᠴᠠᠭ ᠲᠤᠬᠠᠶ ᠳᠤᠨᠢ ᠵᠠᠯᠠᠷᠠᠭᠤᠯᠵᠤ᠂ ᠨᠡᠶᠢᠭᠡᠮ ᠨᠡᠶᠢᠳᠡ ᠳᠤ ᠬᠤᠤᠷ ᠬᠥᠨᠥᠭᠡᠯ ᠤᠴᠠᠷᠠᠭᠤᠯᠤᠭᠰᠠᠨ ᠥᠬᠡᠶ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠭᠦᠳᠡᠨ ᠠᠴᠠ ᠡᠭᠦᠰᠴᠦ᠂ ᠷᠠᠰᠢᠶᠠᠨ ᠬᠤᠲᠠ ᠶᠢᠨ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠠᠴᠠ ᠬᠤᠪᠢᠷᠠᠭᠤᠯᠬᠤ ᠲᠣᠭᠲᠠᠭᠠᠯ ᠭᠠᠷᠭᠠᠵᠤ᠂ ᠲᠣᠷᠭᠠᠭᠤᠯᠢ ᠶᠢᠨ | ᠮᠦᠡᠭᠭᠦ ᠶᠢ ᠰᠢᠭᠤᠳ ᠬᠠᠰᠤᠵᠤ ᠬᠡᠯᠲᠦᠷᠢᠭᠦᠯᠪᠡ᠃ ᠲᠣᠰ ᠬᠡᠷᠡᠭ ᠨᠢ ᠬᠠᠤᠯᠢ ᠴᠠᠭᠠᠵᠠ ᠶᠢᠨ ᠶᠠᠮᠤᠨ ᠤ ᠲᠦᠷᠦᠭᠦᠤ | ᠪᠦᠯᠦᠭ ᠤᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠭᠰᠠᠨ | ᠪᠥᠭᠡᠳ ᠪᠥᠬᠦ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠰᠢᠯᠢᠳᠡᠭ ᠬᠠᠤᠯᠢ ᠴᠠᠭᠠᠵᠠ ᠶᠢᠨ ᠪᠢᠴᠢᠭ ᠤᠨ | ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ | ᠲᠣᠷᠭᠠᠭᠤᠯᠢ ᠶᠢᠨ ᠮᠦᠡᠭᠭᠦ ᠶᠢ ᠬᠠᠰᠤᠵᠤ ᠬᠡᠯᠲᠦᠷᠢᠭᠦᠯᠬᠦ ᠠᠴᠠ ᠵᠢᠭᠤᠷᠠᠯᠳᠤᠭᠠᠨ ᠢ ᠲᠦᠷᠭᠡᠨ ᠰᠢᠢᠳᠪᠦᠷᠢᠯᠡᠬᠦ | ᠬᠦᠷᠲᠡᠯ᠎ᠡ᠂ ᠳᠠᠬᠢᠨ ᠵᠦᠪᠯᠡᠬᠦ ᠶᠢ ᠭᠤᠶᠤᠴᠢᠯᠠᠬᠤ ᠠᠴᠠ ᠰᠦᠯᠵᠢᠶᠡᠨ ᠲᠡᠬᠡᠷ᠎ᠠ ᠭᠦᠢᠴᠡᠳᠭᠡᠬᠦ ᠬᠦᠷᠲᠡᠯ᠎ᠡ᠂ ᠬᠢᠩᠭᠠᠨ | ᠠᠶᠢᠮᠠᠭ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠠᠯᠢ ᠤᠯᠠᠨ ᠠᠷᠭ᠎ᠠ ᠬᠡᠮᠵᠢᠶ᠎ᠠ ᠪᠠᠷ ᠳᠠᠮᠵᠢᠭᠤᠯᠵᠤ᠂ | ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠤᠨ᠂ ᠬᠤᠳᠠᠯᠳᠤᠭ᠎ᠠ ᠡᠷᠬᠢᠯᠡᠬᠦ | ᠣᠷᠴᠢᠨ ᠨᠦᠭᠦᠴᠡᠯ ᠢ ᠪᠦᠳᠦᠮᠵᠢᠳᠡᠢ ᠰᠢᠯᠢᠳᠡᠭᠵᠢᠭᠦᠯᠵᠤ ᠪᠠᠶᠢᠨ᠎ᠠ᠃ | ︽ᠬᠡᠷ ᠤᠨ ᠡᠭᠦᠳᠡᠨ ᠳᠡᠭᠡᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ | ᠪᠣᠯᠤᠨ᠎ᠠ᠂ ᠣᠷᠣᠯᠠᠨ ᠭᠦᠢᠴᠡᠳᠭᠡᠬᠦ ᠭᠠᠵᠠᠷ ᠤᠨ ᠠᠵᠢᠯᠳᠠᠨ ᠪᠢᠳᠡᠨ ᠳᠤ ᠠᠰᠠᠭᠤᠨ ᠯᠠᠪᠯᠠᠬᠤ ᠦᠢᠯᠡᠴᠢᠯᠡᠭᠡ | ᠬᠠᠩᠭᠠᠬᠤ ᠨᠢ ᠦᠨᠡᠬᠡᠷ ᠲᠥᠬᠦᠮ ᠪᠣᠯᠵᠠᠶ︕︾᠃ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠰᠠᠭᠤᠭᠠᠯᠢ ᠠᠷᠠᠳ ᠸᠠᠩ ᠣᠪᠣᠭᠲᠤ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠰᠢᠢᠳᠪᠦᠷᠢᠯᠡᠬᠦ ᠲᠣᠭᠲᠠᠭᠠᠯ ᠢ ᠡᠰᠡ ᠵᠥᠪᠰᠢᠶᠡᠷᠡᠨ᠂ ᠣᠷᠣᠯᠠᠨ ᠭᠦᠢᠴᠡᠳᠭᠡᠬᠦ ᠭᠠᠵᠠᠷ ᠲᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠪᠠ᠂ ᠣᠷᠣᠯᠠᠨ ᠭᠦᠢᠴᠡᠳᠭᠡᠬᠦ ᠭᠠᠵᠠᠷ ᠤᠨ ᠠᠵᠢᠯᠲᠠᠨ | ᠲᠤᠬᠠᠶ ᠶᠢᠨ ᠡᠳᠦᠷ ᠲᠤ ᠳᠠᠷᠤᠶ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠲᠤ ᠳᠠᠮᠵᠢᠭᠤᠯᠤᠨ ᠦᠭᠴᠠᠢ᠃ | ᠣᠯᠠᠨ ᠲᠦᠮᠡᠨ ᠪᠠ ᠠᠵᠤ ᠠᠬᠤᠶᠢᠯᠠᠯ ᠳᠤ ᠳᠦᠭᠦᠮ ᠨᠦᠭᠦᠴᠡᠯ ᠬᠠᠨᠭ᠍ᠭᠠᠬᠤ ᠶᠢᠨ ᠲᠥᠯᠥᠭᠡ᠂ ᠪᠥᠬᠦ | ᠠᠶᠢᠮᠠᠭ ᠤᠨ ᠬᠡᠪᠴᠢᠶᠡᠨ ᠳᠤ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠦᠢᠯᠡᠴᠢᠯᠡᠭᠡᠨ ᠤ | ᠥᠷᠲᠡᠭᠡ ᠴᠡᠭ ᠢ 150 ᠪᠠᠶᠢᠭᠤᠯᠵᠤ᠂ ︽30 ᠮᠢᠨᠦ᠋ᠲ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ | ᠰᠢᠢᠳᠪᠦᠷᠢᠯᠡᠬᠦ ᠭᠤᠭᠴᠤᠭ᠎ᠠ ᠶᠢ ᠰᠢᠭᠤᠳ ᠣᠯᠠᠨ ᠲᠦᠮᠡᠨ ᠤ ︽ᠬᠡᠷ ᠤᠨ ᠡᠭᠦᠳᠡ︾ ᠬᠦᠷᠲᠡᠯ᠎ᠡ ᠦᠷᠭᠦᠯᠵᠢᠯᠡᠭᠦᠯᠵᠦ | ᠂ ᠠᠵᠤ ᠠᠬᠤᠶᠢᠯᠠᠯ ᠪᠤᠶᠤ ᠤᠯᠠᠨ ᠳᠦᠮᠡᠨ ᠳᠤ ᠦᠢᠯᠡᠴᠢᠯᠡᠬᠦ ︽ᠬᠠᠮᠤᠬ ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠵᠠᠢ᠃ | ᠪᠤᠳᠠᠳᠦ ᠴᠤᠭᠴᠠ ᠶᠢᠨ ᠦᠢᠯᠡᠴᠢᠯᠡᠭᠡᠨ ᠤ ᠥᠷᠲᠡᠭᠡ ᠴᠡᠭ ᠠᠴᠠ ᠭᠠᠳᠠᠨ᠎ᠠ᠂ ᠬᠢᠩᠭᠠᠨ ᠠᠶᠢᠮᠠᠭ ᠪᠠᠰᠠ | ᠰᠦᠯᠵᠢᠶᠡᠨ ᠳᠡᠭᠡᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠳᠤᠰᠢᠶᠠᠨ ᠰᠶᠢᠳᠪᠤᠷᠢᠯᠡᠬᠦ ᠶᠢ | ᠪᠡᠶᠡᠯᠡᠭᠦᠯᠵᠠᠢ᠃ ᠰᠦᠯᠵᠢᠶ᠎ᠡ ᠪᠠᠷ ︽ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠭᠯᠡᠭᠦᠷ︾ | ᠵᠢᠴᠢ ᠠᠵᠢᠯ ᠤᠨ ᠴᠤᠪᠤᠷᠠᠯ ᠤᠨ ᠵᠢᠷᠤᠭ ᠢ ᠨᠠᠷᠢᠨ ᠨᠢᠮᠪᠠᠶ ᠪᠠᠷ ᠰᠢᠭᠢᠳᠭᠡᠵᠦ᠂ ᠪᠥᠬᠦ ᠠᠶᠢᠮᠠᠭ ᠤᠨ 70 ᠬᠠᠤᠯᠢ | ᠴᠠᠭᠠᠵᠠ ᠶᠢᠨ ᠭᠠᠵᠠᠷ᠂ 51 ᠬᠠᠤᠯᠢ ᠵᠦᠪᠯᠡᠭᠴᠢ ᠶᠢᠨ ᠭᠠᠵᠠᠷ ᠵᠡᠷᠭᠡ ᠶᠢ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠶᠢᠭᠤᠯᠤᠮᠵᠢ ᠳᠤ ᠣᠷᠣᠭᠤᠯᠵᠤ᠂ ᠬᠡᠷᠡᠭᠯᠡᠭᠴᠢᠳ ᠤᠨ ᠴᠠᠭ ᠲᠤᠬᠠᠶ ᠳᠤᠨᠢ ᠪᠠᠶᠢᠴᠠᠭᠠᠨ ᠦᠵᠡᠬᠦ ᠳᠤ ᠲᠥᠬᠦᠮ | ᠦᠵᠡᠭᠦᠯᠪᠡ᠃ | ᠡᠭᠦᠨ ᠤ ᠬᠠᠮᠲᠤ᠂ ᠬᠢᠩᠭᠠᠨ ᠠᠶᠢᠮᠠᠭ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ | ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾ ᠲᠣᠭᠲᠠᠴᠠ ᠶᠢ ᠭᠠᠷᠭᠠᠵᠤ᠂ ᠭᠤᠤᠯ ᠠᠭᠤᠯᠭ᠎ᠠ ᠨᠢ | ᠨᠥᠬᠦᠴᠡᠯ ᠳᠤ ᠨᠡᠶᠢᠴᠡᠬᠦ ᠪᠣᠯᠪᠠᠴᠤ ᠬᠡᠰᠡᠭ ᠮᠠᠲ᠋ᠧᠷᠢᠶᠠᠯ ᠨᠢ ᠪᠦᠷᠢᠨ ᠪᠤᠰᠤ ᠭᠤᠶᠤᠴᠢᠯᠠᠯ ᠳᠤ ︽ᠳᠤᠲᠠᠭᠤ ᠶᠢ | ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠤᠳᠠᠭ᠎ᠠ ᠳᠤ ᠮᠡᠳᠡᠭᠳᠡᠬᠦ᠂ ᠬᠡᠷᠡᠭ ᠤᠨ ᠳᠠᠷᠠᠭ᠎ᠠ ᠨᠥᠬᠦᠪᠥᠷᠢᠯᠡᠨ | ᠵᠠᠯᠠᠷᠠᠭᠤᠯᠬᠤ︾ ᠲᠦᠷᠢᠮ ᠢ ᠬᠡᠷᠡᠭᠵᠢᠭᠦᠯᠵᠦ᠂ ᠬᠠᠷᠢᠶᠠᠯᠠᠯ ᠤᠨ ᠪᠤᠰᠤ ᠬᠡᠷᠡᠭ ᠢ ᠲᠤᠬᠠᠶ ᠶᠢᠨ ᠡᠳᠦᠷ ᠲᠤᠨᠢ | ᠰᠢᠯᠵᠢᠭᠦᠯᠦᠨ ᠰᠢᠢᠳᠪᠦᠷᠢᠯᠡᠬᠦ ᠶᠢ ᠪᠡᠶᠡᠯᠡᠭᠦᠯᠪᠡ᠃ 2024 ᠣᠨ ᠠᠴᠠ ᠨᠠᠭᠠᠰᠢ᠂ ᠪᠥᠬᠦ ᠠᠶᠢᠮᠠᠭ ᠵᠠᠰᠠᠭ | ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠭᠡᠬᠦ ᠴᠡᠭ ᠢᠶᠠᠷ ᠳᠠᠮᠵᠢᠭᠤᠯᠤᠨ 7 ᠬᠤᠪᠢ ᠵᠠᠰᠠᠭ ᠵᠠᠬᠢᠷᠭᠠᠨ ᠤ | ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ᠂ ᠠᠵᠤ ᠠᠬᠤᠶᠢᠯᠠᠯ ᠳᠤ 2 ᠬᠤᠪᠢ ︽ᠳᠤᠲᠠᠭᠤ ᠶᠢ | ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡ ᠬᠠᠨᠭ᠍ᠭᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠡᠷᠬᠡ | ᠠᠰᠢᠭ ᠢᠶᠠᠨ ᠬᠠᠮᠠᠭᠠᠯᠠᠬᠤ ᠥᠪᠡᠷ ᠤᠨ ᠥᠷᠲᠡᠭ ᠶᠡᠭᠡ ᠪᠠᠷ ᠪᠠᠭᠤᠷᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠭᠰᠡᠨ | ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠣᠯᠠᠨ ᠲᠦᠮᠡᠨ ᠤ ᠰᠡᠳᠭᠢᠯ ᠬᠠᠨᠤᠮᠵᠢ ᠶᠢᠨ ᠬᠡᠮᠵᠢᠶ᠎ᠡ ᠲᠠᠰᠤᠷᠠᠯᠲᠠ | ᠥᠬᠡᠶ ᠳᠡᠭᠡᠭᠰᠢᠯᠡᠪᠡ᠃ | ᠶᠡᠭᠡ ᠬᠡᠮᠵᠢᠶᠡᠨ ᠤ ᠬᠡᠷᠡᠭ ᠤᠨ ᠡᠮᠦᠨ᠎ᠡ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠭ᠎ᠠ ︽ᠶᠠᠷᠰᠢᠭ ᠲᠦᠪᠡᠭᠲᠡᠶ ᠬᠡᠷᠡᠭ ᠪᠠ ᠲᠥᠬᠦᠮ ᠬᠡᠷᠡᠭ ᠢ ᠰᠠᠯᠭᠠᠬᠤ︾ ᠰᠢᠭᠦᠨ ᠰᠢᠢᠳᠪᠦᠷᠢᠯᠡᠬᠦ | ᠲᠣᠭᠲᠠᠴᠠ ᠶᠢ ᠭᠠᠷᠭᠠᠵᠠᠢ᠃ ᠭᠡᠷᠡᠭ ᠶᠠᠪᠤᠳᠠᠯ ᠨᠢ ᠲᠣᠳᠣᠷᠬᠠᠶ᠂ ᠮᠠᠷᠭᠤᠯᠳᠤᠭᠠᠨ ᠨᠢ ᠶᠡᠭᠡ ᠪᠢᠰᠢ ᠬᠡᠷᠡᠭ ᠢ ᠪᠣᠯ | ᠳᠦᠭᠦᠮ ᠶᠠᠪᠤᠴᠠ ᠶᠢ ᠬᠡᠷᠡᠭᠯᠡᠨ ᠰᠢᠭᠦᠵᠦ᠂ ︽ᠳᠥᠭᠦᠮ ᠬᠡᠷᠡᠭ ᠢ ᠲᠦᠷᠭᠡᠨ ᠰᠢᠭᠦᠵᠦ ᠲᠦᠷᠭᠡᠨ ᠳᠠᠭᠤᠰᠬᠠᠬᠤ︾ ᠶᠢ | ᠪᠡᠶᠡᠯᠡᠭᠦᠯᠪᠡ᠃ ᠬᠡᠷᠡᠭ ᠤᠨ ᠪᠠᠶᠢᠳᠠᠯ ᠨᠢ ᠬᠠᠷᠢᠴᠠᠩᠭᠤᠶ ᠪᠠᠷ ᠪᠤᠳᠤᠯᠢᠶᠠᠨᠲᠠᠶ ᠬᠡᠷᠡᠭ ᠢ ᠪᠣᠯ ︽ᠶᠠᠷᠰᠢᠭ ᠲᠦᠪᠡᠭᠲᠡᠶ | ᠬᠡᠷᠡᠭ ᠢ ᠨᠠᠷᠢᠨ ᠬᠢᠨᠠᠬᠤ︾ ᠵᠠᠷᠴᠢᠮ ᠢᠶᠠᠷ ᠰᠶᠢᠳᠪᠤᠷᠢᠯᠡᠵᠡᠢ᠃ | 2024 ᠣᠨ ᠤ 11 ᠰᠠᠷ᠎ᠠ ᠳᠤ᠂ ᠭᠤᠶᠤᠴᠢᠯᠠᠭᠴᠢ ᠵᠧᠦ ᠣᠪᠣᠭᠲᠤ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠰᠢᠢᠳᠪᠦᠷᠢᠯᠡᠭᠰᠡᠨ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠢᠯᠡᠴᠢᠯᠡᠨ ᠮᠡᠳᠡᠭᠦᠯᠦᠯᠲᠡ ᠶᠢᠨ | ᠦᠷ᠎ᠡ ᠳ᠋ᠦᠩ ᠢ ᠵᠥᠪᠰᠢᠶᠡᠷᠡᠬᠦ ᠦᠭᠡᠢ ᠠᠴᠠ ᠪᠤᠯᠵᠤ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦ ᠭᠤᠶᠤᠴᠢᠯᠠᠯ | ᠭᠠᠷᠭᠠᠵᠠᠶ᠃ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ᠂ ᠮᠠᠷᠭᠤᠯᠳᠤᠭᠠᠨ ᠨᠢ ᠶᠡᠭᠡ ᠪᠢᠰᠢ ᠤᠴᠢᠷ ᠠᠴᠠ | ᠭᠤᠶᠤᠴᠢᠯᠠᠭᠴᠢ ᠪᠠ ᠵᠠᠰᠠᠬ ᠵᠠᠬᠢᠷᠭᠠᠨ ᠤ ᠳᠠᠬᠢᠨ ᠵᠦᠪᠯᠡᠬᠦ ᠭᠠᠵᠠᠷ ᠤᠨ ᠵᠥ᠋ᠪᠰᠢᠶᠡᠷᠡᠯ ᠢᠶᠠᠷ ᠲᠤᠰ ᠬᠡᠷᠡᠭ ᠢ ᠳᠦᠭᠦᠮ | ᠶᠠᠪᠤᠴᠠ ᠪᠠᠷ ᠰᠢᠭᠦᠭᠰᠡᠨ ᠪᠥᠭᠡᠳ ᠲᠤᠬᠠᠶ ᠶᠢᠨ ᠡᠳᠦᠷ ᠲᠤᠨᠢ ᠭᠤᠶᠤᠴᠢᠯᠠᠭᠴᠢ ᠳᠤ ᠬᠠᠷᠢᠭᠤᠯᠲᠠ ᠥᠭᠭᠦᠭᠰᠡᠨ | ᠪᠠᠶᠢᠨ᠎ᠠ᠃ | ᠳᠤᠰ ᠰᠢᠭᠦᠨ ᠰᠢᠢᠳᠪᠦᠷᠢᠯᠡᠬᠦ ᠲᠣᠭᠲᠠᠴᠠ ᠪᠠᠷ ᠳᠡᠮᠵᠢᠨ᠂ ᠬᠢᠩᠭᠠᠨ ᠠᠶᠢᠮᠠᠭ 14% ᠠᠴᠠ ᠳᠡᠭᠡᠭᠰᠢᠬᠢ | ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠢ ᠲᠦᠷᠭᠡᠨ ᠰᠢᠭᠦᠵᠦ ᠲᠦᠷᠭᠡᠨ ᠳᠠᠭᠤᠰᠬᠠᠬᠤ ᠶᠢ ᠪᠡᠶᠡᠯᠡᠭᠦᠯᠵᠦ᠂ | ᠵᠠᠰᠠᠭ ᠵᠠᠬᠢᠷᠭᠠᠨ ᠤ ᠡᠬᠢ ᠪᠠᠶᠠᠯᠢᠭ ᠢ ᠠᠷᠪᠢᠯᠠᠭᠰᠠᠨ ᠢᠶᠠᠷ ᠪᠠᠷᠠᠬᠤ ᠥᠬᠡᠶ᠂ ᠠᠵᠤ ᠠᠬᠤᠶᠢᠯᠠᠯ ᠪᠣᠯᠤᠨ ᠣᠯᠠᠨ | ᠲᠦᠮᠡᠨ ᠳᠤ ᠰᠢᠯᠢᠳᠡᠭ ᠦᠢᠯᠡᠴᠢᠯᠡᠭᠡ ᠬᠠᠨᠭ᠍ᠭᠠᠵᠠᠢ᠃ | ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠪᠠᠰᠠ ︽ᠵᠠᠰᠠᠭ ᠵᠠᠬᠢᠷᠭᠠᠨ ᠤ ᠳᠠᠬᠢᠨ ᠵᠥᠪᠯᠡᠬᠦ + ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ︾ ᠬᠤᠯᠪᠣᠭᠠᠯᠠᠨ ᠬᠥᠳᠡᠯᠦᠯᠴᠡᠬᠦ ᠵᠠᠭᠪᠤᠷ ᠢ ᠰᠢᠨ᠎ᠡ ᠪᠠᠷ ᠡᠭᠦᠳᠦᠨ | ᠭᠠᠷᠭᠠᠵᠤ᠂ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠪᠠ ᠲᠥᠷᠥᠯ ᠵᠦᠢᠯ ᠤᠨ ᠬᠡᠷᠡᠭ ᠤᠨ ᠵᠢᠯᠣᠭᠤᠳᠣᠯᠭ᠎ᠠ ᠪᠠᠷ | ᠳᠡᠮᠵᠢᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠳᠤᠮᠳᠠᠬᠢ ᠨᠡᠶᠢᠲᠡᠴᠢ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠦᠭᠰᠡᠨ ᠪᠥᠭᠡᠳ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠦᠭᠰᠢᠭᠦᠷᠢ ᠶᠢᠨ | ᠰᠠᠨᠠᠭᠤᠯᠤᠮᠵᠢ ᠶᠢᠨ ᠵᠠᠬᠢᠳᠠᠯ᠂ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠰᠠᠨᠠᠯ ᠤᠨ ᠪᠢᠴᠢᠭ ᠵᠡᠷᠭᠡ ᠶᠢ ᠶᠠᠪᠤᠭᠤᠯᠵᠤ᠂ | ᠬᠠᠤᠯᠢ ᠬᠡᠷᠡᠭᠵᠢᠭᠦᠯᠬᠦ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠪᠠ᠃ | 2024 ᠣᠨ ᠳᠤ᠂ ᠬᠢᠩᠭᠠᠨ ᠠᠶᠢᠮᠠᠭ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠢᠶᠠᠷ | ᠳᠠᠬᠢᠨ ᠵᠥᠪᠯᠡᠭᠦᠯᠬᠦ ᠬᠡᠷᠡᠭ ᠢ ᠨᠡᠶᠢᠲᠡ 38 ᠰᠢᠢᠳᠪᠦᠷᠢᠯᠡᠵᠦ᠂ ᠡᠶᠡᠳᠡᠬᠦᠯᠬᠦ ᠪᠠᠷ ᠳᠡᠮᠵᠢᠨ ᠮᠠᠷᠭᠤᠯᠳᠤᠭᠠᠨ ᠢ 10 | ᠬᠤᠪᠢ ᠰᠢᠢᠳᠪᠦᠷᠢᠯᠡᠵᠦ᠂ 7 ᠪᠤᠷᠤᠭᠤ ᠶᠢ ᠰᠢᠭᠤᠳ ᠵᠠᠯᠠᠷᠠᠭᠤᠯᠵᠤ᠂ ᠠᠵᠤ ᠠᠬᠤᠶᠢᠯᠠᠯ ᠤᠨ 99.3 ᠲᠦᠮᠡᠨ | ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠳᠠᠬᠢᠨ | ᠵᠥᠪᠯᠡᠬᠦ ᠨᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠡᠬᠢ ᠡᠭᠦᠰᠦᠯ ᠠᠴᠠ ᠨᠢ ᠵᠢᠷᠤᠮᠵᠢᠭᠤᠯᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠳᠠᠰᠤᠷᠠᠯᠳᠠ ᠦᠭᠡᠢ ᠰᠢᠯᠢᠳᠡᠭᠵᠢᠭᠦᠯᠵᠠᠢ᠃ ︵ᠯᠢ ᠤᠭ᠍ᠶᠦ︶ | |