ᠤᠰᠤ ᠠᠷᠪᠢᠯᠠᠬᠤ ᠠᠵᠢᠯ ᠢ ᠤᠯᠠᠨ ᠲᠠᠯ᠎ᠠ ᠠᠴᠠ ᠠᠬᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ
ᠨᠡᠶᠢᠲᠡᠯᠡᠭᠰᠡᠨ ᠴᠠᠭ᠄
2025/2/27
        — ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠪᠠᠢ ᠱᠤᠸᠠᠩ ᠢ ᠰᠤᠷᠪᠤᠯᠵᠢᠯᠠᠭᠰᠠᠨ ᠨᠢ        2024 ᠣᠨ ᠳᠤ᠂ ᠬᠢᠩᠭᠠᠨ ᠠᠶᠢᠮᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠢᠩᠭᠠᠨ ᠠᠶᠢᠮᠠᠭ ᠤᠨ 2024 ᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠲᠡᠯᠡᠵᠦ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤ ᠶᠢᠨ ᠤᠰᠤ ᠠᠷᠪᠢᠯᠠᠬᠤ᠂ ᠤᠰᠦ ᠭᠡᠷᠡᠭᠯᠡᠬᠦ ᠭᠤᠷᠪᠠᠨ ᠶᠡᠭᠡ ᠬᠦᠷᠢᠶ᠎ᠡ ᠴᠠᠷᠠᠭ᠎ᠠ ᠶᠢ ᠭᠦᠨᠵᠡᠭᠡᠶ ᠡᠵᠡᠮᠳᠡᠵᠦ᠂ ᠪᠥᠬᠦ ᠠᠶᠢᠮᠠᠭ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠰᠤ ᠬᠡᠷᠡᠭᠯᠡᠬᠦ ᠠᠰᠢᠭᠯᠠᠮᠵᠢ ᠶᠢᠨ ᠭᠦᠢᠴᠡᠳᠭᠡᠯ ᠲᠤᠭ᠎ᠠ ᠶᠢ ᠴᠥᠮ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠮᠢᠶᠠᠷᠤᠨ ᠡᠵᠡᠮᠳᠡᠬᠦ ᠡᠭᠦᠷᠭᠡ ᠠᠴᠠ ᠳᠠᠪᠠᠭᠤᠯᠵᠦ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠥᠲᠥᠭᠡᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠬᠦ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠤᠰᠤ ᠠᠷᠪᠢᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠠᠢ᠃        ᠳᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠳᠤᠪᠴᠢᠶ᠎ᠠ ᠬᠢᠩᠭᠠᠨ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢᠨ ᠳᠠᠶᠢᠴᠢᠯᠠᠯᠲᠠ ᠶᠢᠨ ᠬᠤᠷᠠᠯ ᠢ ᠪᠦᠬᠦ ᠬᠦᠴᠦᠨ ᠢᠶᠠᠷ ᠠᠬᠢᠭᠤᠯᠬᠤ ᠵᠣᠷᠢᠭ ᠰᠠᠨᠠᠭ᠎ᠠ ᠶᠢᠨ ᠲᠣᠭᠤᠷᠢᠨ ᠳᠤ᠂ ᠳᠦᠷᠢᠮ ᠢᠶᠠᠷ ᠤᠰᠤ ᠬᠠᠮᠢᠶᠠᠷᠬᠤ᠂ ᠭᠦᠢᠴᠡᠳᠭᠡᠯ ᠲᠤᠭ᠎ᠠ ᠪᠠᠷ ᠤᠰᠤ ᠬᠢᠵᠠᠭᠠᠷᠯᠠᠬᠤ᠂ ᠠᠷᠭ᠎ᠠ ᠬᠡᠮᠵᠢᠶ᠎ᠠ ᠪᠠᠷ ᠤᠰᠤ ᠠᠷᠪᠢᠯᠠᠬᠤ᠂ ᠦᠨ᠎ᠡ ᠬᠠᠩᠰᠢ ᠪᠠᠷ ᠤᠰᠤ ᠬᠠᠩᠭᠠᠬᠤ ᠵᠡᠷᠭᠡ ᠲᠠᠯ᠎ᠠ ᠠᠴᠠ ᠤᠰᠤ ᠠᠷᠪᠢᠯᠠᠬᠤ ᠠᠵᠢᠯ ᠢ ᠤᠯᠠᠨ ᠲᠠᠯ᠎ᠠ ᠠᠴᠠ ᠠᠬᠢᠭᠤᠯᠤᠨ᠎ᠠ᠃ ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ᠂ ᠠᠮᠢ ᠠᠬᠤᠶ ᠵᠡᠷᠭᠡ ᠲᠦᠷᠪᠡᠨ ᠬᠦᠷᠢᠶᠡᠨ ᠳᠠᠬᠢ 14 ᠵᠦᠢᠯ ᠤᠨ ᠤᠰᠤ ᠠᠷᠪᠢᠯᠠᠬᠤ ᠲᠤᠬᠳᠠᠭᠠᠯ ᠢ ᠰᠦᠪᠡᠭᠴᠢᠯᠡᠨ ᠳᠤᠭᠳᠠᠭᠠᠵᠦ᠂ ᠤᠰᠤ ᠬᠡᠷᠡᠭᠯᠡᠬᠦ ᠲᠤᠬᠳᠡᠭᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠭᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ︽ᠨᠢᠭᠡ ᠬᠠᠭᠤᠳᠠᠰᠦ ᠵᠢᠷᠤᠭ︾ ᠤᠨ ᠬᠠᠮᠢᠶᠠᠷᠤᠨ ᠡᠵᠡᠮᠳᠡᠬᠦ ᠲᠣᠤᠷ ᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠠᠮᠢ ᠠᠬᠤᠶ ᠶᠢᠨ ᠤᠰᠤ ᠠᠷᠪᠢᠯᠠᠵᠤ ᠤᠰᠤ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠠᠷᠪᠢᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠤᠰᠤ ᠠᠷᠪᠢᠯᠠᠬᠤ ᠶᠢ ᠲᠦᠯᠬᠢᠨ ᠠᠬᠢᠭᠤᠯᠤᠨ᠎ᠠ᠃ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠴᠢᠳᠠᠮᠵᠢ ᠪᠠ ᠠᠰᠢᠭᠯᠠᠯᠲᠠ ᠶᠢᠨ ᠨᠣᠷᠮ᠎ᠠ ᠶᠢ ᠣᠯᠠᠨ ᠠᠷᠭ᠎ᠠ ᠵᠠᠮ ᠢᠶᠠᠷ ᠳᠡᠭᠡᠭᠰᠢᠯᠡᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠠᠬᠢᠭᠤᠯᠤᠨ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ᠂ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ᠂ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠭᠡᠯ ᠤᠨ ᠲᠣᠬᠢᠷᠠᠭᠤᠯᠤᠯᠲᠠ ᠵᠡᠷᠭᠡ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠤᠰᠤᠨ ᠤ ᠦᠨ᠎ᠡ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ · ᠰᠦᠨ ᠰᠢᠨ ᠢᠦᠢ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号