ᠬᠦᠷᠢᠶ᠎ᠡ ᠴᠠᠷᠠᠭᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠦᠨ ᠰᠢᠨᠵᠢᠯᠡᠬᠦ ᠮᠡᠷᠭᠡᠵᠢᠯ ᠤᠨ ᠴᠢᠳᠠᠪᠤᠷᠢᠳᠠᠨ ᠢ ᠳᠠᠳᠠᠨ ᠤᠷᠤᠭᠤᠯᠤᠭᠠᠳ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠰᠢᠨᠵᠢᠯᠡᠬᠦ ᠮᠡᠷᠭᠡᠵᠢᠯ ᠢᠶᠠᠷ ᠤᠷᠤᠨ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/2/27
        2024 ᠤᠨ ᠳᠤ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ ᠳᠤ ᠲᠦᠪᠯᠡᠷᠡᠬᠦᠯᠤᠨ ᠬᠦᠴᠤᠯᠡᠵᠤ᠂ ᠰᠢᠨᠵᠢᠯᠡᠬᠦ ᠮᠡᠷᠭᠡᠵᠢᠯ ᠤᠨ ︽ᠪᠦᠰᠡᠯᠡᠯᠳᠠ ᠰᠢᠪᠳᠤᠯᠬᠤ︾ ᠢᠨᠵᠧᠨᠧᠷᠢᠩ ᠢᠶᠠᠷ ᠭᠠᠷᠳᠠᠴᠠ ᠪᠤᠯᠭᠠᠨ᠂ ᠲᠠᠪᠴᠠᠩ ᠪᠠ ᠠᠴᠢᠶᠠᠯᠠᠭᠴᠢ ᠶᠢᠨ ᠪᠦᠳᠤᠭᠡᠨ ᠪᠠᠶᠢᠭᠤᠯᠤᠯᠳᠠ᠂ ᠰᠢᠨᠵᠢᠯᠡᠬᠦ ᠤᠬᠠᠭᠠᠨᠴᠢ ᠬᠦᠷᠢᠶ᠎ᠠ ᠴᠠᠷᠠᠭᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠬᠦ᠂ ᠭᠤᠤᠯ ᠴᠤᠭᠴᠠ ᠶᠢ ᠨᠠᠷᠢᠯᠢᠭ ᠬᠦᠮᠤᠵᠢᠬᠦᠯᠤᠨ ᠰᠢᠨ᠎ᠠ ᠶᠢ ᠡᠬᠦᠳᠬᠦ᠂ ᠰᠤᠳᠤᠯᠤᠯᠳᠠ ᠶᠢᠨ ᠪᠡᠯᠡ ᠤᠷᠤᠭᠤᠯᠤᠯᠳᠠ ᠪᠠᠨ ᠴᠢᠩᠭᠠᠳᠬᠠᠬᠤ ᠵᠢᠴᠢ ᠰᠢᠨᠵᠢᠯᠡᠬᠦ ᠮᠡᠷᠭᠡᠵᠢᠯ ᠤᠨ ᠴᠢᠳᠠᠪᠤᠷᠢᠳᠠᠨ ᠢ ᠪᠦᠬᠦ ᠲᠠᠯ᠎ᠠ ᠪᠠᠷ ᠲᠠᠳᠠᠨ ᠤᠷᠤᠭᠤᠯᠤᠭᠠᠳ ᠰᠢᠨᠵᠢᠯᠡᠬᠦ ᠮᠡᠷᠭᠡᠵᠢᠯ ᠢᠶᠠᠷ ᠤᠷᠤᠨ ᠳᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠪᠠ᠃ ᠨᠢᠳᠤᠨᠤᠨ ᠵᠢᠯ ᠳᠤᠰ ᠳᠤᠪᠴᠢᠶ᠎ᠠ ᠨᠡᠶᠢᠳᠠ 8290.6 ᠲᠦᠮᠡᠨ ᠲᠦᠬᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠮᠦᠩᠬᠦ ᠶᠢ ᠴᠢᠷᠮᠠᠶᠢᠨ ᠤᠯᠵᠤ᠂ ᠠᠳᠠᠯᠢ ᠬᠤᠭᠤᠴᠠᠭᠠᠨ ᠤ ᠬᠢ ᠠᠴᠠ 123.57% ᠪᠠᠷ ᠨᠡᠮᠡᠭᠳᠡᠵᠤ᠂ ᠬᠢᠩᠭᠠᠨ ᠠᠶᠢᠮᠠᠭ ᠲᠤ ᠬᠦᠴᠤᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠬᠢ ᠶᠢ ᠲᠠᠳᠠᠨ ᠤᠷᠤᠭᠤᠯᠤᠭᠰᠠᠨ ᠢᠶᠠᠷ ᠪᠠᠷᠠᠬᠤ ᠦᠭᠡᠢ ᠨᠡᠩ ᠴᠤ ᠴᠢᠨᠠᠷ ᠰᠠᠶᠢᠳᠠᠢ ᠬᠦᠭᠵᠢᠯᠳᠠ ᠳᠤ ᠪᠠᠳᠤ ᠰᠠᠭᠤᠷᠢ ᠶᠢ ᠲᠠᠯᠪᠢᠯ᠎ᠠ᠃        ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠦᠪᠠᠷᠳᠡᠭᠡᠨ ᠵᠠᠰᠠᠬᠤ ᠤᠷᠤᠨ ᠤ ᠠᠮᠢᠳᠤ ᠪᠤᠳᠠᠰ ᠤᠨ ᠡᠬᠦᠯᠳᠡᠷ ᠪᠤᠶᠢᠵᠢᠭᠤᠯᠬᠤ ᠮᠡᠷᠭᠡᠵᠢᠯ ᠤᠨ ᠰᠢᠨ᠎ᠠ ᠶᠢ ᠡᠬᠦᠳᠬᠦ ᠲᠦᠪ ᠤᠨ ᠪᠦᠳᠤᠭᠡᠨ ᠪᠠᠶᠢᠭᠤᠯᠤᠯᠳᠠ ᠪᠠᠨ ᠴᠢᠩᠭᠠᠳᠬᠠᠨ᠂ ᠦᠪᠠᠷᠳᠡᠭᠡᠨ ᠵᠠᠰᠠᠬᠤ ᠤᠷᠤᠨ ᠤ 4500 ᠲᠦᠮᠡᠨ ᠲᠦᠬᠦᠷᠢᠭ ᠤᠨ ᠲᠤᠰᠬᠠᠢ ᠪᠡᠯᠡ ᠮᠦᠩᠬᠦ ᠶᠢ ᠴᠢᠷᠮᠠᠶᠢᠨ ᠤᠯᠪᠠ᠃ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠡᠬᠦᠯᠳᠡᠷ ᠤᠨ ᠪᠦᠯᠥᠭᠯᠡᠯ᠂ ᠠᠶᠢᠮᠠᠭ ᠤᠨ ᠲᠠᠷᠢᠶᠠᠯᠠᠩ ᠤᠨ ᠰᠤᠳᠤᠯᠤᠯᠳᠠ ᠶᠢᠨ ᠬᠦᠷᠢᠶᠡᠯᠡᠩ ᠵᠡᠷᠭᠡ 20 ᠭᠠᠷᠤᠢ ᠮᠡᠷᠭᠡᠵᠢᠯ ᠤᠨ ᠰᠢᠨ᠎ᠠ ᠶᠢ ᠡᠬᠦᠳᠬᠦ ᠲᠦᠪ ᠤᠨ ᠭᠡᠰᠢᠬᠦᠨ ᠨᠢᠭᠡᠴᠢ ᠶᠢ ᠵᠤᠬᠢᠶᠠᠨ ᠪᠠᠶᠢᠭᠤᠯᠤᠨ ᠬᠠᠮᠳᠤᠪᠠᠷ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ 1 ᠲᠦᠷᠤᠯ ᠵᠦᠢᠯ᠂ ᠰᠢᠨᠵᠢᠯᠡᠬᠦ ᠤᠬᠠᠭᠠᠨ ᠤ ᠬᠠᠮᠳᠤᠷᠠᠯᠴᠠᠭᠠᠨ ᠤ 7 ᠲᠦᠷᠤᠯ ᠵᠦᠢᠯ ᠢ ᠬᠡᠷᠡᠭᠵᠢᠬᠦᠯᠪᠡ᠃ ᠡᠬᠦᠨ ᠤ ᠬᠠᠮᠳᠤ᠂ ︽ᠬᠢᠩᠭᠠᠨ ᠠᠶᠢᠮᠠᠭ ᠤᠨ ᠲᠡᠭᠡᠳᠤ ᠰᠢᠨ᠎ᠠ ᠮᠡᠷᠭᠡᠵᠢᠯ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠲᠦᠰᠥᠪ︾ ᠢ ᠦᠪᠠᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠲᠡᠪᠰᠢᠬᠦᠯᠥᠭᠡᠳ 1000 ᠲᠦᠮᠡᠨ ᠲᠦᠬᠦᠷᠢᠭ ᠤᠯᠵᠤ᠂ ᠲᠤᠮᠳᠠᠳᠤ ᠤᠯᠤᠰ ᠤᠨ ᠭᠤᠸᠠᠩ ᠾᠧ ᠺᠤᠮᠫᠠᠨᠢ᠂ ᠰᠢᠨ᠎ᠠ ᠡᠨᠧᠷᠬᠢ ᠶᠢᠨ ᠮᠠᠰᠢᠨ ᠲᠡᠷᠭᠡᠨ ᠤ ᠵᠠᠩᠬᠢᠯᠠᠭ᠎ᠠ ᠶᠢᠨ ᠰᠡᠯᠪᠢᠭ ᠲᠤᠨᠤᠭ ᠢ ᠦᠢᠯᠡᠳᠬᠦ ᠲᠦᠷᠤᠯ ᠵᠦᠢᠯ ᠵᠡᠷᠭᠡ ᠶᠢ ᠲᠡᠮᠵᠢᠵᠤ᠂ ᠱᠦᠨ ᠶᠤᠸᠠᠨ ᠲᠠᠷᠢᠶᠠᠯᠠᠩ ᠤᠨ ᠮᠠᠰᠢᠨ ᠤ ᠺᠤᠮᠫᠠᠨᠢ ᠦᠨᠳᠤᠷ ᠬᠤᠷᠳᠤᠴᠠ ᠶᠢᠨ ᠦᠷ᠎ᠠ ᠰᠠᠴᠤᠬᠤ ᠮᠠᠰᠢᠨ ᠤ ᠰᠤᠳᠤᠯᠤᠨ ᠨᠡᠭᠡᠭᠡᠬᠦ ᠲᠦᠷᠤᠯ ᠵᠦᠢᠯ ᠤᠨ ᠦᠯᠢᠭᠡᠷ ᠮᠠᠰᠢᠨ ᠢ ᠲᠤᠷᠰᠢᠨ ᠬᠡᠷᠡᠭᠯᠡᠭᠡᠳ ᠠᠮᠵᠢᠯᠳᠠ ᠤᠯᠵᠤ᠂ ᠦᠷ᠎ᠠ ᠰᠠᠴᠤᠬᠤ ᠬᠤᠷᠳᠤᠴᠠ ᠶᠢ 60% ᠪᠠᠷ ᠨᠡᠮᠡᠭᠳᠡᠬᠦᠯᠪᠡ︔ ᠤᠳᠠᠴᠢ ᠺᠤᠮᠫᠠᠨᠢ ︽ᠬᠤᠩ ᠴᠧᠩ ᠤᠯᠠᠭᠠᠨ ᠴᠠᠨ᠎ᠠ︾ ᠶᠢᠨ ᠠᠵᠤ ᠦᠢᠯᠡᠰ ᠤᠨ ᠲᠦᠪ ᠤᠨ ᠲᠡᠰ ᠲᠡᠪᠰᠢᠬᠦᠯᠤᠨ ᠰᠢᠨᠡᠳᠭᠡᠬᠦ ᠲᠦᠷᠤᠯ ᠵᠦᠢᠯ ᠢ ᠪᠡᠶᠡᠯᠡᠭᠦᠯᠪᠡ᠃        2024 ᠤᠨ ᠳᠤ᠂ ᠬᠢᠩᠭᠠᠨ ᠠᠶᠢᠮᠠᠭ ᠤᠨ ᠦᠯᠵᠡᠶᠢᠳᠤ ᠠᠶᠢᠯ ᠲᠠᠷᠢᠶᠠᠯᠠᠩ ᠤᠨ ᠬᠦᠭᠵᠢᠯᠳᠠ ᠶᠢᠨ ᠬᠢᠵᠠᠭᠠᠷᠳᠤ ᠺᠤᠮᠫᠠᠨᠢ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠠᠷᠢᠶᠠᠯᠠᠩ ᠤᠨ ᠦᠢᠯᠡᠳᠬᠦᠨ ᠢ ᠪᠤᠯᠪᠠᠰᠤᠷᠠᠭᠤᠯᠬᠤ ᠰᠤᠳᠤᠯᠤᠯᠳᠠ ᠶᠢᠨ ᠭᠠᠵᠠᠷ ᠲᠠᠢ ᠬᠠᠮᠳᠤᠷᠠᠨ ︽ᠪᠡᠯᠡᠨ ᠵᠠᠭᠤᠰᠢ ᠶᠢᠨ ᠪᠤᠷᠴᠠᠭᠳᠤ ᠨᠤᠭᠤᠭ᠎ᠠ ᠶᠢᠨ ᠦᠢᠯᠡᠳᠬᠦᠨ ᠢ ᠦᠢᠯᠡᠳᠪᠤᠷᠢᠯᠡᠬᠦ ᠰᠢᠨ᠎ᠠ ᠮᠡᠷᠭᠡᠵᠢᠯ ᠤᠨ ᠬᠡᠷᠡᠭᠯᠡᠯᠳᠠ︾ ᠶᠢᠨ ᠲᠦᠷᠤᠯ ᠵᠦᠢᠯ ᠢ ᠪᠡᠶᠡᠯᠡᠭᠦᠯᠵᠤ᠂ ᠲᠦᠪ ᠤᠨ ᠤᠬᠠᠭᠤᠯᠬᠤ ᠬᠡᠯᠳᠡᠰ᠂ ᠪᠡᠭᠡᠵᠢᠩ ᠬᠤᠳᠠ ᠶᠢᠨ ᠬᠠᠶᠢᠳᠢᠶᠠᠨ ᠲᠤᠭᠤᠷᠢᠭ ᠪᠠ ᠦᠪᠤᠷ ᠮᠤᠩᠭᠤᠯ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠲᠠᠢ ᠬᠠᠮᠳᠤᠪᠠᠷ ᠪᠡᠭᠡᠵᠢᠩ ᠦᠪᠤᠷ ᠮᠤᠩᠭᠤᠯ ᠤᠨ ᠬᠠᠮᠵᠢᠯᠴᠠᠭᠠᠨ ᠤ ᠬᠡᠷᠡᠭ ᠤᠨ ᠵᠢᠱᠢᠶ᠎ᠠ ᠪᠠᠷ ᠮᠡᠳᠡᠬᠦᠯᠵᠤ᠂ ᠲᠠᠪᠤᠳᠤᠭᠠᠷ ᠬᠤᠭᠤᠴᠠᠭᠠᠨ ᠤ ︽ᠪᠦᠬᠦ ᠤᠯᠤᠰ ᠤᠨ ᠶᠠᠳᠠᠭᠤᠷᠠᠯ ᠢ ᠪᠠᠭᠠᠰᠬᠠᠬᠤ ᠬᠡᠷᠡᠭ ᠤᠨ ᠵᠢᠱᠢᠶ᠎ᠠ ᠶᠢ ᠴᠤᠭᠯᠠᠭᠤᠯᠬᠤ ᠠᠵᠢᠯᠯᠠᠭᠠᠨ︾ ᠤ ᠪᠦᠬᠦ ᠪᠦᠮᠪᠤᠷᠴᠡᠭ ᠤᠨ ᠬᠠᠮᠤᠭ ᠰᠢᠯᠢᠳᠡᠭ ᠶᠠᠳᠠᠭᠤᠷᠠᠯ ᠢ ᠪᠠᠭᠠᠰᠬᠠᠬᠤ ᠬᠡᠷᠡᠭ ᠤᠨ ᠵᠢᠱᠢᠶ᠎ᠠ ᠳᠤ ᠰᠤᠩᠭᠤᠭᠳᠠᠪᠠ᠃ ᠲᠤᠰ ᠲᠦᠷᠤᠯ ᠵᠦᠢᠯ ᠨᠢ ︽ᠵᠠᠰᠠᠭ ᠤᠨ ᠤᠷᠳᠤᠨ ᠠᠴᠠ ᠬᠠᠪᠰᠤᠷᠤᠨ ᠲᠡᠳᠬᠦᠬᠦ + ᠠᠵᠤ ᠠᠬᠤᠶᠢᠯᠠᠯ ᠠᠴᠠ ᠤᠳᠤᠷᠢᠳᠬᠤ + ᠲᠠᠷᠢᠶᠠᠴᠢᠨ ᠬᠠᠮᠳᠤᠷᠠᠯᠴᠬᠠᠤ + ᠲᠠᠩᠰᠠ ᠵᠠᠬᠢᠶᠠᠯᠠᠨ ᠦᠢᠯᠡᠳᠪᠤᠷᠢᠯᠡᠬᠦ︾ ᠬᠡᠯᠪᠡᠷᠢ ᠪᠠᠷ ᠲᠤᠬᠠᠢ ᠶᠢᠨ ᠭᠠᠵᠠᠷ ᠤᠨ ᠲᠠᠷᠢᠶᠠᠴᠢᠳ ᠤᠨ ᠭᠠᠵᠠᠷ ᠤᠷᠤᠨ ᠳᠠᠭᠠᠨ ᠲᠤᠬᠢᠷᠠᠭᠰᠠᠨ ᠪᠤᠷᠴᠠᠭ ᠤᠨ ᠲᠦᠷᠤᠯ ᠵᠦᠢᠯ ᠢ ᠰᠤᠩᠭᠤᠬᠤ ᠶᠢ ᠲᠠᠶᠢᠴᠢᠯᠠᠨ᠂ ᠪᠤᠬᠢᠷᠳᠤᠯ ᠦᠭᠡᠢ ᠠᠮᠢ ᠠᠬᠤᠢ ᠶᠢᠨ ᠤᠷᠭᠠᠨᠢᠭ ᠪᠤᠷᠴᠠᠭᠳᠤ ᠨᠤᠭᠤᠭ᠎ᠠ ᠶᠢᠨ ᠠᠵᠤ ᠦᠢᠯᠡᠰ ᠢ ᠡᠬᠦᠳᠴᠤ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠤᠨ ᠪᠠᠶᠠᠵᠢᠬᠤ ᠶᠢ ᠪᠦᠳᠤᠮᠵᠢᠳᠠᠢ ᠠᠬᠢᠭᠤᠯᠪᠠ᠃        ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ︽ᠰᠢᠨᠵᠢᠯᠡᠭᠦ ᠮᠡᠷᠭᠡᠵᠢᠯ ᠢᠶᠠᠷ ᠬᠢᠩᠭᠠᠨ ᠠᠶᠢᠮᠠᠭ ᠢᠶᠠᠨ ᠬᠦᠴᠤᠷᠬᠡᠭᠵᠢᠬᠦᠯᠬᠦ︾ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠵᠤ᠂ ᠵᠢᠯ ᠤᠨ ᠡᠬᠢᠨ ᠠᠴᠠ ᠨᠠᠭᠠᠰᠢ᠂ ᠪᠦᠬᠦ ᠠᠶᠢᠮᠠᠭ ᠤᠨ 21 ᠰᠢᠨ᠎ᠠ ᠶᠢ ᠡᠬᠦᠳᠬᠦ ᠭᠤᠤᠯ ᠴᠤᠭᠴᠠ ᠪᠠ ᠲᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠨᠢᠭᠡᠴᠢ ᠲᠠᠢ ᠠᠮᠢᠳᠤ ᠪᠤᠳᠠᠰ ᠤᠨ ᠡᠬᠦᠯᠳᠠᠷ ᠪᠤᠶᠢᠵᠢᠭᠤᠯᠬᠤ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ᠂ ᠬᠤᠵᠢᠷᠯᠢᠭ ᠭᠠᠵᠠᠷ ᠢ ᠴᠡᠭᠴᠡᠯᠡᠨ ᠵᠠᠰᠠᠬᠤ ᠵᠡᠷᠭᠡ 37 ᠰᠢᠨᠵᠢᠯᠡᠬᠦ ᠤᠬᠠᠭᠠᠨ ᠮᠡᠷᠭᠡᠵᠢᠯ ᠤᠨ ᠬᠠᠮᠳᠤᠷᠠᠯᠴᠠᠭᠠᠨ ᠤ ᠲᠦᠷᠤᠯ ᠵᠦᠢᠯ ᠢ ᠠᠬᠢᠭᠤᠯᠬᠤ ᠶᠢ ᠪᠡᠶᠡᠯᠡᠬᠦᠯᠵᠠᠢ᠃        ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠳᠠᠢ ᠬᠦᠮᠤᠵᠢᠬᠦᠯᠬᠦ ᠪᠠᠷ᠂ ᠬᠢᠩᠭᠠᠨ ᠠᠶᠢᠮᠠᠭ ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ︽ᠬᠤᠤᠰ ᠲᠠᠬᠢᠨ ᠢᠶᠠᠷ ᠨᠡᠮᠡᠭᠳᠡᠬᠦᠯᠬᠦ᠂ ᠬᠤᠤᠰ ᠲᠡᠭᠡᠭᠰᠢᠯᠡᠬᠦᠯᠬᠦ︾ ᠪᠠ ᠬᠡᠪᠴᠢᠶᠡᠵᠢᠭᠰᠡᠨ ᠠᠵᠤ ᠦᠢᠯᠡᠳᠪᠤᠷᠢ ᠠᠵᠤ ᠠᠬᠤᠶᠢᠯᠠᠯ ᠤᠨ ︽ᠰᠤᠳᠤᠯᠤᠨ ᠨᠡᠭᠡᠭᠡᠯᠳᠠ ᠶᠢᠨ ᠪᠡᠯᠡ ᠤᠷᠤᠭᠤᠯᠤᠯᠳᠠ ᠶᠢ ᠦᠭᠡᠶᠢᠰᠭᠡᠬᠦ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠦᠭᠡᠶᠢᠰᠭᠡᠬᠦ᠂ ᠡᠬᠦᠳᠤᠨ ᠪᠦᠳᠤᠭᠡᠬᠦ ᠶᠢ ᠦᠭᠡᠶᠢᠰᠭᠡᠬᠦ︾ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠵᠤ᠂ ᠤᠯᠠᠨ ᠲᠡᠰ ᠲᠠᠪᠬᠤᠷᠭ᠎ᠠ ᠶᠢᠨ ᠰᠢᠨᠵᠢᠯᠡᠭᠦ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠦᠮᠤᠵᠢᠬᠦᠯᠬᠦ ᠬᠦᠮᠤᠷᠭᠡ ᠶᠢ ᠪᠠᠶᠢᠭᠤᠯᠤᠨ᠂ ᠬᠦᠮᠤᠷᠭᠡ ᠳᠤ ᠤᠷᠤᠭᠰᠠᠨ ᠠᠵᠤ ᠠᠬᠤᠶᠢᠯᠠᠯ ᠳᠤ ᠤᠨᠤᠴᠠᠳᠠᠢ ᠪᠠᠷ ᠲᠡᠮᠵᠢᠯᠭᠡ ᠦᠵᠡᠬᠦᠯᠵᠤ᠂ ᠨᠢᠭᠡᠨᠳᠠ 213 ᠠᠵᠤ ᠠᠬᠤᠶᠢᠯᠠᠯ ᠬᠦᠮᠤᠷᠭᠡ ᠳᠤ ᠤᠷᠤᠪᠠ᠃ 2024 ᠤᠨ ᠠᠴᠠ ᠨᠠᠭᠠᠰᠢ᠂ 19 ᠲᠡᠭᠡᠳᠤ ᠰᠢᠨ᠎ᠠ ᠮᠡᠷᠭᠡᠵᠢᠯ ᠤᠨ ᠠᠵᠤ ᠠᠬᠤᠶᠢᠯᠠᠯ ᠢ ᠬᠢᠨᠠᠨ ᠲᠤᠭᠳᠠᠭᠠᠵᠤ᠂ ᠶᠡᠷᠤᠩᠬᠡᠢ ᠲᠤᠭ᠎ᠠ 50 ᠠᠵᠤ ᠠᠬᠤᠶᠢᠯᠠᠯ ᠳᠤ ᠬᠦᠷᠪᠡ︔ 181 ᠰᠢᠨᠵᠢᠯᠡᠭᠦ ᠮᠡᠷᠭᠡᠵᠢᠯ ᠤᠨ ᠬᠡᠯᠪᠡᠷᠢ ᠶᠢᠨ ᠲᠤᠮᠳᠠ ᠪᠠᠭ᠎ᠠ ᠠᠵᠤ ᠠᠬᠤᠶᠢᠯᠠᠯ ᠢ ᠬᠢᠨᠠᠨ ᠲᠤᠭᠳᠠᠭᠠᠵᠠᠢ᠃ ᠤᠳᠤᠬᠠᠨ ᠳᠤ᠂ ᠪᠦᠬᠦ ᠠᠶᠢᠮᠠᠭ ᠤᠨ ᠮᠡᠷᠭᠡᠵᠢᠯ ᠤᠨ ᠭᠡᠷ᠎ᠠ ᠶᠢ 59 ᠲᠦᠷᠤᠯ ᠬᠢᠨᠠᠨ ᠲᠤᠭᠳᠠᠭᠠᠵᠤ᠂ 7597.41 ᠲᠦᠮᠡᠨ ᠲᠦᠬᠦᠷᠢᠭ ᠤᠨ ᠭᠡᠷ᠎ᠠ ᠲᠤᠭᠳᠠᠵᠤ᠂ ᠠᠳᠠᠯᠢ ᠬᠤᠭᠤᠴᠠᠭᠠᠨ ᠤ ᠬᠢ ᠠᠴᠠ 26% ᠪᠠᠷ ᠨᠡᠮᠡᠭᠳᠡᠨ᠂ ᠵᠢᠯ ᠤᠨ ᠡᠬᠦᠷᠭᠡ ᠬᠠᠷᠠᠯᠳᠠ ᠪᠠᠨ ᠲᠠᠪᠠᠭᠤᠯᠤᠨ ᠪᠡᠶᠡᠯᠡᠬᠦᠯᠪᠡ᠃ ᠬᠤᠶᠠᠷ ᠮᠡᠷᠭᠡᠵᠢᠯ ᠢ ᠰᠢᠯᠵᠢᠬᠦᠯᠬᠦ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠪᠦᠷᠢ 2023 ᠤᠨ ᠤ ᠦᠪᠠᠷᠳᠡᠭᠡᠨ ᠵᠠᠰᠠᠬᠤ ᠤᠷᠤᠨ ᠤ ᠦᠢᠯᠡᠴᠢᠯᠡᠭᠡᠨ ᠤ ᠦᠷ᠎ᠠ ᠪᠦᠳᠤᠮᠵᠢ ᠶᠢᠨ ᠦᠨᠡᠯᠡᠯᠳᠠ ᠶᠢᠨ ᠨᠢᠭᠡᠳᠤᠭᠡᠷ ᠲᠡᠰ ᠪᠠ ᠬᠤᠶᠠᠳᠤᠭᠠᠷ ᠲᠡᠰ ᠲᠤ ᠲᠤᠳᠤᠷᠠᠵᠤ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠮᠵᠢ ᠶᠢ ᠤᠯᠠᠷᠢᠯᠠᠭᠤᠯᠬᠤ ᠲᠠᠯ᠎ᠠ ᠶᠢᠨ ᠴᠦᠬᠦᠷᠡᠰᠢ ᠦᠭᠡᠢ ᠴᠢᠷᠮᠠᠶᠢᠯᠳᠠ ᠶᠢ ᠢᠯᠡᠷᠡᠬᠦᠯᠤᠯ᠎ᠠ᠃        ᠵᠢᠯ ᠤᠨ ᠡᠬᠢᠨ ᠠᠴᠠ ᠨᠠᠭᠠᠰᠢ᠂ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠠᠴᠠ ᠸᠠᠨ ᠵᠢᠶᠠᠨ ᠮᠢᠨ᠂ ᠯᠢ ᠢᠥᠢ᠂ ᠯᠢ ᠫᠸᠢ ᠡᠣ ᠭᠤᠷᠪᠠᠨ ᠠᠺᠠᠳᠧᠮᠢᠴᠢ ᠪᠠ ᠯᠢ ᠰᠢᠶᠠᠩ ᠵᠢᠥᠢ᠂ ᠴᠢᠣ ᠯᠢ ᠵᠢᠤᠸᠠᠨ ᠵᠡᠷᠭᠡ 10 ᠭᠠᠷᠤᠢ ᠲᠤᠰᠬᠠᠢ ᠮᠡᠷᠭᠡᠵᠢᠯᠳᠠᠨ ᠫᠷᠤᠹᠧᠰᠰᠤᠷ ᠢ ᠤᠷᠢᠵᠤ ᠠᠮᠢᠳᠤ ᠪᠤᠳᠠᠰ ᠤᠨ ᠡᠬᠦᠯᠳᠡᠷ ᠪᠤᠶᠢᠵᠢᠭᠤᠯᠬᠤ ᠮᠡᠷᠭᠡᠵᠢᠯ ᠤᠨ ᠰᠢᠨ᠎ᠠ ᠶᠢ ᠡᠬᠦᠳᠬᠦ ᠲᠦᠪ ᠤᠨ ᠮᠡᠷᠭᠡᠵᠢᠯ ᠤᠨ ᠠᠰᠠᠭᠤᠨ ᠰᠤᠷᠠᠬᠤ ᠵᠦᠪᠯᠡᠯ ᠤᠨ ᠭᠡᠰᠢᠬᠦᠨ ᠪᠠ ᠲᠦᠷᠤᠬᠦᠥ ᠰᠢᠨᠵᠢᠯᠡᠬᠦ ᠤᠬᠠᠭᠠᠨᠴᠢ ᠮᠡᠷᠭᠡᠵᠢᠯᠳᠡᠨ ᠢᠶᠠᠷ ᠤᠷᠢᠪᠠ︔ ᠬᠢᠩᠭᠠᠨ ᠠᠶᠢᠮᠠᠭ ︽ᠭᠤᠷᠪᠠᠨ ᠤᠷᠤᠨ︾ ᠤ ᠴᠢᠳᠠᠪᠤᠷᠢᠳᠠᠨ ᠢ ᠲᠡᠮᠵᠢᠭᠰᠡᠨ ᠬᠦᠮᠤᠨ ᠤ ᠲᠤᠭ᠎ᠠ 138 ᠳᠤ ᠬᠦᠷᠴᠤ᠂ 276 ᠲᠦᠮᠡᠨ ᠲᠦᠬᠦᠷᠢᠭ ᠤᠨ ᠪᠡᠯᠡ ᠮᠦᠩᠬᠦ ᠪᠠᠷ ᠲᠡᠮᠵᠢᠵᠤ᠂ ᠦᠪᠠᠷᠳᠡᠭᠡᠨ ᠵᠠᠰᠠᠬᠤ ᠤᠷᠤᠨ ᠳᠤ ᠭᠤᠷᠪᠠᠳᠤᠭᠠᠷ ᠲᠤ ᠵᠢᠭᠰᠠᠭᠠᠭᠳᠠᠪᠠ︔ ᠰᠢᠨᠵᠢᠯᠡᠬᠦ ᠮᠡᠷᠭᠡᠵᠢᠯ ᠤᠨ ᠤᠨᠴᠠ ᠲᠤᠮᠢᠯᠠᠭᠳᠠᠭᠰᠠᠳ ᠤᠨ ᠠᠵᠢᠯ ᠤᠨ ᠦᠷᠳᠡᠭᠡ ᠠᠴᠠ ᠰᠤᠩᠭᠤᠨ ᠤᠷᠢᠭᠰᠠᠨ ᠲᠤᠮᠤ ᠬᠦᠷᠢᠶᠡᠯᠡᠩ ᠲᠤᠮᠤ ᠦᠷᠳᠡᠭᠡ ᠶᠢᠨ ᠲᠤᠰᠬᠠᠢ ᠮᠡᠷᠭᠡᠵᠢᠯᠳᠠᠨ ᠫᠷᠤᠹᠧᠰᠰᠤᠷ 80 ᠭᠠᠷᠤᠢ ᠲᠤᠯᠵᠤ᠂ 120 ᠭᠠᠷᠤᠢ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠵᠤ ᠪᠤᠢ︔ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠠᠴᠠ 400 ᠰᠢᠨᠵᠢᠯᠡᠬᠦ ᠮᠡᠷᠭᠡᠵᠢᠯ ᠤᠨ ᠤᠨᠴᠠ ᠲᠤᠮᠢᠯᠠᠭᠰᠠᠨ ᠭᠡᠰᠢᠬᠦᠨ ᠢ ᠰᠤᠩᠭᠤᠨ ᠲᠤᠮᠢᠯᠠᠵᠤ᠂ 13 ᠰᠢᠨᠵᠢᠯᠡᠬᠦ ᠮᠡᠷᠭᠡᠵᠢᠯ ᠤᠨ ᠲᠤᠰᠠᠯᠠᠭᠴᠢ ᠤᠷᠢᠨ᠂ ᠰᠢᠨᠵᠢᠯᠡᠬᠦ ᠮᠡᠷᠭᠡᠵᠢᠯ ᠤᠨ ᠬᠦᠴᠤᠨ ᠢ ᠦᠨᠳᠤᠰᠤᠨ ᠱᠠᠳᠤᠨ ᠳᠤ ᠬᠦᠨᠵᠡᠭᠡᠶᠢᠷᠡᠬᠦᠯᠬᠦ ᠶᠢ ᠪᠠᠳᠤᠯᠠᠵᠤ᠂ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠠ ᠳᠤ ᠬᠦᠴᠤᠷᠬᠡᠭ ᠶᠡᠭᠡ ᠴᠢᠳᠠᠪᠤᠷᠢᠳᠠᠨ ᠤ ᠲᠤᠯᠭᠠᠭᠤᠷᠢᠯᠠᠯ ᠬᠠᠩᠭᠠᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号