ᠤᠯᠠᠭᠠᠨᠬᠤᠲᠠ 2025 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
         2 ᠰᠠᠷ᠎ᠠ ᠶᠢᠨ 25 ᠤ ᠡᠳᠦᠷ᠂ ᠤᠯᠠᠭᠠᠨᠬᠤᠲᠠ 2025 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠠᠩ ᠵᠢᠶ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠤᠨ ᠬᠤᠷᠠᠩᠳᠠ ᠡᠷᠬᠢᠯᠡᠭᠴᠢ ᠲᠢᠶᠠᠨ ᠱᠧᠨ᠂ ᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠸᠠᠩ ᠮᠢᠩ ᠶᠠᠩ᠂ ᠴᠧ ᠯᠦᠨ᠂ ᠸᠠᠩ ᠶᠢᠩ ᠴᠢᠶᠦ᠋ᠨ᠂ ᠵᠠᠩ ᠴᠢᠤᠸᠠᠨ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠤᠯ ᠤᠳᠤᠷᠢᠳᠤᠯᠭ᠎ᠠ ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠪᠠᠯᠭᠠᠰᠤ᠂ ᠵᠡᠭᠡᠯᠢ ︵ᠬᠦᠷᠢᠶᠡᠯᠡᠩ ᠲᠣᠭᠤᠷᠢᠭ︶ ᠵᠢᠴᠢ ᠬᠥᠬᠡ ᠠᠳᠤᠭᠤᠨ ᠲᠠᠯᠠᠪᠠᠶ ᠶᠢᠨ ᠤᠯᠤᠰ ᠲᠥᠷᠥ ᠶᠢᠨ ᠵᠢᠭᠠᠨ ᠵᠢᠯᠣᠭᠤᠳᠣᠭᠴᠢ᠂ ᠲᠤᠰᠬᠠᠶ ᠲᠤᠰᠢᠶᠠᠯᠲᠤ ᠠᠷᠠᠳ ᠤᠨ ᠵᠡᠪᠰᠡᠭᠲᠦ ᠬᠦᠴᠦᠨ ᠤ ᠺᠠᠳ᠋ᠷ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠺᠣᠮᠢᠰᠰᠠᠷ ᠴᠧ ᠯᠦᠨ ᠬᠤᠷᠠᠯ ᠢ ᠡᠷᠭᠢᠯᠡᠪᠡ᠃        ᠶᠠᠩ ᠵᠢᠢ ᠫᠧᠩ 2024 ᠣᠨ ᠤ ᠪᠦᠬᠦ ᠬᠤᠳᠠ ᠶᠢᠨ ᠵᠡᠪᠰᠡᠭᠲᠦ ᠬᠦᠴᠦᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠪᠣᠳᠠᠲᠠᠶᠢᠵᠢᠭᠤᠯᠵᠤ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠴᠡᠷᠢᠭ ᠠᠩᠬᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠭᠡᠨ ᠰᠦᠭ ᠰᠦᠨᠡᠰᠦ ᠢᠶᠠᠨ ᠱᠤᠭᠤᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠬᠠᠷᠢᠭᠤᠴᠠᠯᠭ᠎ᠠ ᠶᠢᠨ ᠲᠦᠷᠢᠮ ᠢ ᠡᠷᠡᠰ ᠲᠤᠭᠤᠰᠢᠯᠠᠭᠤᠯᠵᠤ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠤᠷᠲᠠᠯ ᠪᠠᠲᠤ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠵᠣᠷᠢᠭᠲᠠᠢ ᠪᠠᠷ ᠪᠠᠶᠢᠯᠳᠤᠵᠤ ᠵᠠᠪᠠᠯ ᠢᠯᠠᠬᠤ ᠰᠦᠷ ᠬᠦᠴᠦᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠠᠶᠢᠨ ᠳᠤ ᠪᠡᠯᠡᠳᠬᠡᠬᠦ ᠶᠢ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ︽ᠪᠣᠳᠠᠲᠤ ᠬᠦᠴᠦᠨ︾ ᠢ ᠳᠠᠪᠲᠠᠨ ᠪᠣᠯᠪᠠᠰᠤᠷᠠᠭᠤᠯᠵᠤ᠂ ᠢᠮᠠᠭᠲᠠ ᠲᠠᠶᠢᠨ ᠬᠢᠵᠦ ᠴᠢᠳᠠᠬᠤ᠂ ᠢᠯᠠᠭᠤᠭᠰᠠᠨ ᠲᠠᠶᠢᠨ ᠬᠢᠬᠦ ᠶᠢ ᠴᠡᠷᠢᠭ ᠢ ᠬᠦᠴᠦᠷᠬᠡᠭᠵᠢᠭᠦᠯᠬᠦ ᠶᠢᠨ ᠦᠨᠳᠦᠰᠦᠨ ᠴᠢᠭᠯᠡᠯ ᠪᠣᠯᠭᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠯᠠᠪᠳᠠᠭᠤᠨ ᠪᠠᠲᠤᠲᠠᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠶᠠᠰᠤ ᠴᠢᠨᠠᠷ ᠦᠷ᠎ᠡ ᠠᠰᠢᠭ ᠪᠣᠯᠤᠨ ᠵᠢᠩᠬᠢᠨᠢᠴᠢᠯᠡᠬᠦ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠪᠦᠯᠬᠦᠮᠳᠡᠯ ᠢ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠦᠨ ᠴᠡᠷᠢᠭ ᠢᠶᠠᠨ ᠮᠠᠨᠳᠤᠭᠤᠯᠬᠤ ᠶᠢᠨ ︽ᠲᠥᠪᠯᠡᠩᠭᠦᠢ ᠬᠦᠴᠦᠨ︾ ᠢ ᠨᠢᠭᠲᠠᠷᠠᠭᠤᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠠᠩᠭᠢ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠠᠷᠤᠭ᠎ᠠ ᠪᠠᠶᠢᠯᠳᠤᠭᠴᠢᠳ ᠤᠨ ︽ᠬᠤᠵᠢᠮ ᠤᠨ ᠵᠠᠮ︾᠂ ︽ᠠᠷᠤ ᠲᠠᠯ᠎ᠠ︾᠂ ︽ᠬᠤᠶᠢᠴᠢ ᠦᠶ᠎ᠡ︾ ᠶᠢᠨ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ᠂ 2024 ᠣᠨ ᠤ ᠵᠡᠪᠰᠡᠭᠲᠦ ᠬᠦᠴᠦᠨ ᠤ ᠠᠵᠢᠯ ᠤᠨ ᠳ᠋ᠦᠩᠨᠡᠯᠲᠡ ᠬᠢᠵᠦ᠂ 2025 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠬᠡᠰᠡᠭ ᠪᠠᠯᠭᠠᠰᠤ᠂ ᠵᠡᠭᠡᠯᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠵᠢᠭᠠᠨ ᠵᠢᠯᠣᠭᠤᠳᠤᠭᠴᠢ ᠲᠤᠰᠢᠶᠠᠯ ᠤᠨ ᠮᠡᠳᠡᠭᠦᠯᠦᠯᠲᠡ ᠬᠢᠪᠡ᠃        ᠬᠤᠷᠠᠯ ᠠᠴᠠ ᠪᠠᠰᠠ ︽ᠰᠢᠨ᠎ᠡ ᠴᠠᠭ ᠦᠶ᠎ᠡ ᠶᠢᠨ ᠤᠯᠤᠰ ᠲᠥᠷᠥ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ ᠮᠤᠵᠢ ᠶᠢᠨ ᠴᠡᠷᠢᠭ ᠤᠨ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠬᠤᠷᠢᠶ᠎ᠠ ᠶᠢᠨ ᠲᠠᠰ ᠠᠴᠠ ᠳᠡᠭᠡᠭᠰᠢᠬᠢ ᠨᠠᠮ ᠤᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾᠂ ︽︿ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ︾ ᠪᠣᠯᠤᠨ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠡᠷᠢᠭᠦᠨ ᠤ ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠯᠤᠰ ᠲᠥᠷᠥ ᠶᠢᠨ ᠵᠢᠭᠠᠨ ᠵᠢᠯᠣᠭᠤᠳᠣᠭᠴᠢ ᠶᠢᠨ ᠲᠤᠰᠢᠶᠠᠯ ᠡᠭᠦᠷᠭᠡᠯᠡᠬᠦ ᠵᠠᠷᠯᠢᠭ ᠢ ᠨᠡᠶᠢᠲᠡᠯᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号