| 2 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 110 ᠳ᠋ᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠡᠷᠭᠢᠯᠡᠨ ᠶᠠᠷᠢᠶ᠎ᠠ ᠲᠠᠯᠪᠢᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠦᠬᠦᠢ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠬᠤᠲᠠ ᠶᠢᠨ 2024 ᠣᠨ ᠤ | ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠤᠨ ᠮᠡᠳᠡᠭᠳᠡᠯ︾ ᠵᠢᠴᠢ ︽ᠵᠢᠷᠭᠤᠭᠠᠨ | ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠵᠦ᠂ ︽ᠭᠤᠷᠪᠠᠨ ᠨᠠᠷᠢᠨ ᠲᠠᠩᠰᠠ︾ ᠶᠢᠨ | ᠲᠥᠯᠥᠪᠵᠢᠭᠦᠯᠭᠡ ᠶᠢᠨ ᠪᠠᠶᠢᠳᠠᠯ᠂ ᠡᠯ᠎ᠡ ᠪᠠᠯᠭᠠᠰᠤᠨ ︵ᠬᠦᠷᠢᠶᠡᠯᠡᠩ ᠲᠣᠭᠤᠷᠢᠭ︶ ᠤ 2025 ᠣᠨ ᠤ | ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠴᠢᠨᠠᠭᠰᠢᠳᠠ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠰᠠᠶᠢᠲᠤᠷ ᠦᠢᠯᠡᠴᠢᠯᠡᠵᠦ᠂ ᠲᠥᠪ ᠴᠢᠬᠡᠴᠢ | ᠰᠢᠨ᠎ᠡ ᠰᠤᠷᠲᠠᠯ ᠢ ᠰᠠᠨᠠᠭᠠᠴᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠢᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠪᠦᠬᠦ ᠤᠯᠤᠰ᠂ ᠪᠦᠬᠦ ᠣᠷᠣᠨ᠂ ᠪᠦᠬᠦ | ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠲᠤ ᠪᠤᠢ | ᠪᠣᠯᠭᠠᠵᠤ᠂ ᠴᠢᠳᠠᠪᠤᠷᠢᠲᠠᠨ ᠰᠣᠩᠭᠤᠬᠤ᠂ ᠰᠠᠭᠤᠷᠢ ᠶᠢ ᠪᠠᠲᠤᠳᠬᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠺᠠᠳ᠋ᠷ ᠢ ᠬᠢᠨᠠᠨ ᠰᠢᠯᠭᠠᠬᠤ | ᠲᠣᠭᠲᠠᠴᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ | ᠪᠠᠶᠢᠬᠤ ᠪᠠᠷ ᠪᠠᠷᠢᠮᠵᠢᠶ᠎ᠠ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯᠤᠨ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | |