| | 2 ᠰᠠᠷ᠎ᠠ ᠶᠢᠨ 26 ᠤ ᠡᠳᠦᠷ᠂ ᠤᠯᠠᠭᠠᠨᠬᠤᠲᠠ ᠠᠷᠪᠠᠨ ᠬᠤᠶᠠᠳᠤᠭᠠᠷ ᠬᠤᠭᠤᠴᠠᠭᠠᠨ ᠤ ᠬᠤᠲᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ | ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ | ᠯᠢ ᠭᠦᠸᠧ ᠴᠢᠶᠠᠩ ᠬᠤᠷᠠᠯ ᠳᠤ ᠣᠷᠣᠯᠴᠠᠵᠤ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠶᠢᠩ | ᠴᠢᠶᠦ᠋ᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ | ᠲᠣᠭᠲᠠᠭᠠᠯᠲᠠ ᠶᠢ ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠬᠥᠳᠡᠯᠭᠡᠬᠦ ᠬᠦᠴᠦᠨ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠬᠤᠶᠠᠷ | ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ | ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠨᠢᠭᠲᠠ | ᠤᠶᠠᠯᠳᠤᠭᠤᠯᠵᠤ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠲᠤᠪᠤᠶᠢᠮ᠎ᠠ ᠠᠰᠠᠭᠤᠳᠠᠯ ᠳᠤ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ ᠶᠢ ᠠᠬᠢᠭᠤᠯᠬᠤ | ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠲᠣᠭᠤᠷᠢᠨ ᠪᠠᠶᠢᠴᠠᠭᠠᠬᠤ ᠠᠵᠢᠯ | ᠥᠷᠨᠢᠭᠦᠯᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ | ᠬᠢᠨᠠᠯᠲᠠ ᠲᠠᠯᠪᠢᠬᠤ ᠪᠠᠲᠤᠯᠠᠭ᠎ᠠ ᠬᠠᠩᠭᠠᠬᠤ ᠬᠡᠷᠡᠭᠲᠡᠢ ᠴᠢᠩᠭᠠᠳᠬᠠᠵᠠᠢ᠃ | |