ᠤᠯᠠᠭᠠᠨᠬᠤᠲᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
        2 ᠰᠠᠷ᠎ᠠ ᠶᠢᠨ 26 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ ᠭᠦᠸᠧ ᠵᠥᠩ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ 7 ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ 17 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠶᠠᠷᠢᠯᠴᠠᠬᠤ ᠬᠤᠷᠠᠯ ᠳᠡᠭᠡᠷ᠎ᠡ᠂ 17 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠵᠢᠴᠢ ᠠᠵᠤ ᠦᠢᠯᠡᠰ ᠤᠨ ᠬᠡᠯᠬᠢᠶ᠎ᠡ ᠳᠠᠭᠠᠤ ᠢᠵᠢ ᠪᠦᠷᠢᠳᠦᠭᠦᠯᠦᠨ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠲᠤᠬᠠᠢ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠪᠦᠦ ᠭᠦᠸᠧ ᠵᠦᠩ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠲᠠᠢ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠡᠯᠡ ᠣᠷᠤᠭᠤᠯᠬᠤ ᠵᠢᠭᠡᠯᠡᠯᠭᠡ ᠵᠡᠷᠭᠡ ᠬᠦᠴᠢᠷ ᠠᠰᠠᠭᠤᠳᠠᠯ ᠢ ᠰᠢᠰᠲ᠋ᠧᠮ ᠲᠠᠢ ᠡᠮᠬᠢᠯᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠡᠯ᠎ᠡ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠢᠨ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠵᠡᠷᠭᠡ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠳᠡᠮᠵᠢᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠨᠡᠩ ᠣᠨᠣᠪᠴᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃ ᠠᠵᠤ ᠦᠢᠯᠡᠰ ᠢ ᠬᠠᠮᠵᠢᠯᠴᠠᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠴᠢᠬᠤᠯᠠ ᠡᠯᠧᠮᠧᠨ᠋ᠲ ᠤᠨ ᠭᠦᠢᠯᠭᠡᠭᠡ ᠶᠢ ᠴᠢᠩᠭᠠᠳᠬᠠᠵᠤ᠂ ᠣᠷᠣᠨ ᠪᠦᠰᠡ ᠶᠢᠨ ᠬᠤᠭᠤᠷᠣᠨᠳᠣᠬᠢ ᠠᠵᠤ ᠠᠬᠤᠢ ᠶᠢᠨ ᠬᠠᠮᠲᠤᠷᠠᠯᠴᠠᠭ᠎ᠠ ᠪᠣᠯᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠬᠤ ᠪᠠ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠳᠤᠮᠳᠠᠬᠢ ᠴᠢᠳᠠᠪᠤᠷᠢᠲᠠᠨ ᠤ ᠭᠤᠣᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠤ ᠪᠥᠬᠦ ᠶᠠᠪᠤᠴᠠ ᠶᠢᠨ ᠦᠢᠯᠡᠴᠢᠯᠡᠬᠡᠨ ᠤ ᠵᠢᠯᠣᠭᠤᠳᠣᠯᠭ᠎ᠠ ᠬᠠᠩᠭᠠᠵᠤ᠂ ᠶᠠᠪᠤᠳᠠᠯ ᠬᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠲᠠᠸᠠᠷ ᠤᠨ ᠲᠡᠮᠳᠡᠭ ᠤᠨ ᠲᠤᠰᠬᠠᠶ ᠠᠰᠢᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠨ ᠬᠡᠷᠡᠭᠯᠡᠬᠦ ᠶᠢ ᠴᠢᠩᠭᠠᠳᠬᠠᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠥᠭᠵᠢᠭᠡᠵᠦ᠂ ᠤᠯᠠᠭᠠᠨᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号