ᠦ᠋ ᠢ ᠵᠡᠭᠡᠯᠢ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠥᠷᠨᠢᠭᠦᠯᠵᠦ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠪᠠ
ᠨᠡᠶᠢᠲᠡᠯᠡᠭᠰᠡᠨ ᠴᠠᠭ᠄
2025/2/27
        ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ ᠵᠡᠭᠡᠯᠢ ᠶᠢᠨ ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 2 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠤᠲᠠ ᠶᠢᠨ ᠦ᠋ ᠢ ᠵᠡᠭᠡᠯᠢ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠭᠡᠬᠦ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠡᠷᠬᠢᠯᠡᠵᠡᠢ᠃ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠡᠯ᠎ᠡ ᠨᠡᠶᠢᠭᠡᠮ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠬᠠᠷᠢᠶ᠎ᠠ ᠣᠷᠣᠨ ᠤ ᠳᠣᠲᠣᠷᠠᠬᠢ ᠶᠢᠰᠦᠨ ᠵᠢᠵᠢᠭ ᠲᠠᠯᠠᠪᠤᠷ ᠤᠨ ᠬᠠᠷᠢᠭᠤᠴᠠᠯᠭᠠᠲᠠᠨ ᠵᠢᠴᠢ ᠪᠠᠶᠢᠭᠤᠯᠭ᠎ᠠ ᠨᠢᠭᠡᠴᠢ᠂ ᠨᠡᠶᠢᠭᠡᠮ ᠲᠣᠭᠤᠷᠢᠭ ᠤᠨ ᠪᠥᠬᠦ ᠺᠠᠳ᠋ᠷ ᠠᠵᠢᠯᠲᠠᠨ ᠠᠵᠢᠯᠴᠢᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠶ᠃        ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠪᠠᠶᠠᠷ ᠤᠨ ᠡᠳᠦᠷ ᠤᠨ ᠳᠠᠷᠠᠭᠠᠬᠢ ᠠᠶᠤᠯᠭᠦᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠠᠵᠢᠯᠯᠠᠭ᠎ᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠤᠭᠰᠠᠨ ᠢᠶᠠᠷ ᠪᠠᠷᠠᠬᠤ ᠥᠬᠡᠶ ᠪᠠᠰᠠ ᠡᠶᠢᠮᠦᠷᠬᠦ ᠠᠵᠢᠯᠯᠠᠭ᠎ᠠ ᠶᠢ ᠬᠡᠷᠬᠢᠨ ᠥᠨᠳᠥᠷ ᠪᠦᠲᠦᠮᠵᠢᠲᠡᠶ ᠪᠠᠷ ᠥᠷᠨᠢᠭᠦᠯᠬᠦ ᠮᠡᠷᠭᠡᠵᠢᠯ ᠤᠨ ᠵᠢᠯᠣᠭᠤᠳᠣᠯᠭ᠎ᠠ ᠣᠯᠭᠤᠵᠤ᠂ ᠠᠶᠤᠯᠭᠦᠶ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠦᠨᠡᠨ ᠬᠦ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠲᠣᠰ ᠪᠣᠯᠪᠠᠰᠤᠷᠠᠯ ᠨᠢ ᠪᠠᠰᠠ ᠬᠡᠰᠡᠭ ᠵᠢᠵᠢᠭ ᠪᠢᠴᠢᠯ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠴᠢᠳᠠᠪᠤᠷᠢ ᠬᠦᠷᠦᠯᠴᠡᠬᠦ ᠦᠭᠡᠢ ᠪᠠ ᠠᠷᠭ᠎ᠠ ᠪᠠᠷᠢᠯ ᠳᠠᠩ ᠴᠤᠯᠭᠤᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃        ᠳᠠᠷᠠᠭᠠᠴᠢ ᠶᠢᠨ ᠠᠯᠬᠤᠮ ᠳᠤ᠂ ᠡᠦ ᠢ ᠵᠡᠭᠡᠯᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃   
 
ᠢᠷᠡᠯᠲᠡ᠄ ᠤᠯᠠᠭᠠᠨᠬᠤᠲᠠ ᠶᠢᠨ ᠦ᠋ ᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号