ᠰᠢᠨ᠎ᠡ ᠡᠭᠢᠯᠡᠯᠳᠡ ᠰᠢᠨ᠎ᠡ ᠬᠦᠰᠡᠯ ᠰᠢᠨ᠎ᠡ ᠵᠤᠷᠢᠯᠲᠠ
ᠨᠡᠶᠢᠲᠡᠯᠡᠭᠰᠡᠨ ᠴᠠᠭ᠄
2025/2/28
        2 ᠰᠠᠷ᠎ᠠ ᠶᠢᠨ 24 ᠤ ᠡᠳᠦᠷ᠂ ᠤᠯᠠᠭᠠᠨᠬᠤᠳᠠ ᠶᠢᠨ ᠡᠯ᠎ᠡ ᠲᠤᠮᠳᠠᠳᠤ ᠪᠠᠭ᠎ᠠ ᠰᠤᠷᠭᠠᠭᠤᠯᠢ ᠬᠠᠪᠦᠷ ᠤᠨ ᠤᠯᠠᠷᠢᠯ ᠤᠨ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠬᠦᠯᠵᠦ᠂ ᠪᠠᠭᠰᠢ ᠰᠤᠷᠤᠬᠴᠢᠳ ᠵᠢᠪᠬᠤᠭ᠎ᠠ ᠲᠡᠬᠦᠯᠳᠡᠷ ᠢᠶᠠᠷ ᠰᠢᠨ᠎ᠠ ᠰᠤᠷᠤᠯᠴᠠᠯᠭ᠎ᠠ ᠶᠢᠨ ᠠᠮᠢᠳᠦᠷᠠᠯ ᠢᠶᠠᠨ ᠤᠭᠳᠤᠨ᠂ ᠰᠤᠷᠭᠠᠭᠤᠯᠢ ᠶᠢᠨ ᠬᠦᠷᠢᠶ᠎ᠡ ᠪᠠᠨ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠯ᠎ᠠ᠃        ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠡᠳᠦᠷ᠂ ᠤᠯᠠᠭᠠᠨᠬᠤᠳᠠ ᠶᠢᠨ ᠬᠢᠨᠭ᠍ᠭᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠳᠤ ᠪᠠᠭᠰᠢᠨᠠᠷ ᠦᠷᠯᠦᠬᠡ ᠡᠷᠳᠡ ᠰᠤᠷᠭᠠᠭᠤᠯᠢ ᠶᠢᠨ ᠡᠬᠦᠳᠡᠨ ᠳᠡᠭᠡᠨ ᠵᠤᠬᠰᠤᠵᠦ᠂ ᠰᠤᠷᠤᠬᠴᠢ ᠨᠢᠬᠡᠪᠦᠷᠢ ᠪᠠᠨ ᠬᠠᠯᠠᠭᠤᠮᠰᠤᠭ ᠢᠶᠠᠷ ᠤᠬᠳᠤᠵᠦ ᠪᠠᠶᠢᠯ᠎ᠠ᠃ ᠬᠢᠨᠭ᠍ᠭᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠰᠤᠷᠤᠬᠴᠢ ᠵᠠᠩ ᠢᠤᠢ ᠲᠦᠩ᠄ ︽ᠪᠢ ᠦᠨᠦᠳᠦᠷ ᠪᠠᠭᠰᠢ᠂ ᠨᠠᠶᠢᠵᠠ ᠨᠦᠬᠦᠳ ᠲᠠᠢ ᠪᠠᠨ ᠠᠭᠤᠯᠵᠠᠭᠠᠳ ᠲᠦᠢᠯ ᠢᠶᠠᠷ ᠪᠠᠶᠠᠷᠯᠠᠵᠦ ᠪᠤᠢ᠃ ᠰᠢᠨ᠎ᠠ ᠰᠤᠷᠤᠯᠭ᠎ᠠ ᠶᠢᠨ ᠬᠤᠭᠤᠴᠠᠭᠠᠨ ᠳᠠᠭᠠᠨ ᠰᠠᠶᠢᠳᠦᠷ ᠰᠤᠷᠤᠯᠴᠠᠵᠦ᠂ ᠨᠡᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ︾ ᠬᠡᠵᠦ ᠬᠡᠯᠡᠪᠡ᠃        ᠬᠢᠨᠭ᠍ᠭᠠᠨ ᠬᠤᠶᠠᠳᠤᠭᠠᠷ ᠪᠠᠭ᠎ᠠ ᠰᠤᠷᠭᠠᠭᠤᠯᠢ ᠰᠤᠷᠤᠬᠴᠢᠳ ᠤᠨ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠦᠷᠠᠯ ᠳᠠᠭᠠᠨ ᠨᠡᠩ ᠰᠠᠶᠢᠨ ᠢᠶᠠᠷ ᠲᠠᠳᠬᠤ ᠶᠢ ᠠᠬᠢᠭᠤᠯᠬᠤ ᠪᠠᠷ ᠤᠯᠠᠨ ᠬᠡᠯᠪᠡᠷᠢ ᠶᠢᠨ ︽ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠬᠢᠴᠢᠶᠡᠯ︾ ᠢ ᠵᠤᠬᠢᠶᠠᠨ ᠪᠠᠶᠢᠭᠤᠯᠵᠦ᠂ ᠰᠢᠨᠵᠢᠯᠡᠭᠡ ᠮᠡᠷᠬᠡᠵᠢᠯ ᠰᠤᠷᠭᠠᠨ ᠬᠦᠮᠦᠵᠢᠯ᠂ ᠠᠮᠦᠷ ᠲᠦᠪᠰᠢᠨ ᠤ ᠬᠦᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠵᠡᠷᠭᠡ ᠠᠭᠤᠯᠭ᠎ᠠ ᠶᠢ ᠬᠢᠴᠢᠶᠡᠯ ᠤᠨ ᠠᠭᠤᠯᠭ᠎ᠠ ᠳᠠᠭᠠᠨ ᠠᠭᠤᠰᠤᠯᠴᠠᠭᠤᠯᠵᠦ᠂ ᠰᠤᠷᠤᠬᠴᠢᠳ ᠢ ᠵᠦᠪ ᠤᠨᠤᠪᠴᠢᠳᠠᠢ ᠶᠢᠷᠳᠢᠨᠴᠦ ᠶᠢᠨ ᠦᠵᠡᠯᠳᠡ ᠪᠠ ᠦᠷᠳᠡᠭ ᠤᠨ ᠦᠵᠡᠯᠳᠡ ᠲᠠᠢ ᠪᠤᠯᠵᠦ᠂ ᠰᠤᠷᠤᠯᠴᠠᠯᠭ᠎ᠠ ᠠᠮᠢᠳᠦᠷᠠᠯ ᠤᠨ ᠰᠠᠶᠢᠨ ᠲᠠᠳᠬᠠᠯ ᠲᠠᠢ ᠪᠤᠯᠬᠤ ᠶᠢ ᠬᠦᠳᠦᠯᠦᠨ ᠵᠢᠯᠤᠭᠤᠳᠴᠠᠢ᠃        ᠤᠯᠠᠭᠠᠨᠬᠤᠳᠠ ᠶᠢᠨ ᠨᠠᠢᠮᠠᠳᠤᠭᠠᠷ ᠲᠤᠮᠳᠠᠳᠤ ᠰᠤᠷᠭᠠᠭᠤᠯᠢ ᠶᠢᠨ ᠲᠤᠯᠤᠳᠤᠭᠠᠷ ᠤᠨ ᠤ ᠠᠷᠪᠠᠨ ᠲᠠᠪᠤᠳᠤᠭᠠᠷ ᠠᠩᠬᠢ ᠶᠢᠨ ᠬᠢᠴᠢᠶᠡᠯ ᠤᠨ ᠰᠠᠮᠪᠠᠷ᠎ᠠ ᠲᠡᠭᠡᠷ᠎ᠡ ᠲᠠᠪᠦᠨ ᠦᠡᠭᠭᠡ ᠶᠢᠨ ᠵᠢᠷᠤᠭ ᠲᠦᠷᠰᠦ ᠪᠤᠯᠤᠨ ᠰᠤᠷᠤᠬᠴᠢᠳ ᠤᠨ ᠬᠦᠰᠡᠯ ᠡᠷᠡᠮᠡᠯᠵᠡᠯ ᠤᠨ ᠦᠬᠡᠰ ᠢ ᠲᠤᠷᠠᠶᠢᠳᠠᠯ᠎ᠠ ᠪᠢᠴᠢᠵᠦ ᠪᠠᠶᠢᠯ᠎ᠠ᠃ ᠬᠢᠴᠢᠶᠡᠯ ᠤᠨ ᠰᠢᠷᠡᠬᠡᠨ ᠲᠡᠭᠡᠷ᠎ᠡ ᠪᠠᠭᠰᠢ ᠨᠠᠷ ᠤᠨ ᠨᠠᠷᠢᠯᠢᠭ ᠪᠡᠯᠡᠳᠭᠡᠭᠰᠡᠨ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠪᠡᠯᠡᠭ ᠪᠠ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠬᠦᠰᠡᠯ ᠵᠦᠡᠭᠨᠡᠯ ᠤᠨ ᠺᠠᠷᠲ ᠢ ᠲᠡᠯᠬᠡᠵᠦ᠂ ᠪᠠᠭᠰᠢ ᠨᠠᠷ ᠠᠴᠠ ᠰᠤᠷᠤᠬᠴᠢᠳ ᠢᠶᠠᠨ ᠬᠠᠯᠠᠮᠵᠢᠯᠠᠨ ᠵᠤᠷᠢᠬᠵᠢᠭᠤᠯᠵᠦ ᠪᠠᠶᠢᠯ᠎ᠠ᠃        ᠰᠢᠨ᠎ᠠ ᠰᠤᠷᠤᠯᠭ᠎ᠠ ᠶᠢᠨ ᠬᠤᠭᠤᠴᠠᠭ᠎ᠠ ᠪᠤᠯ ᠰᠢᠨ᠎ᠠ ᠡᠬᠢᠯᠡᠯ ᠮᠦᠨ᠃ ᠤᠯᠠᠭᠠᠨᠬᠤᠳᠠ ᠶᠢᠨ ᠡᠯ᠎ᠡ ᠰᠤᠷᠭᠠᠭᠤᠯᠢ ᠶᠢᠨ ᠰᠤᠷᠤᠬᠴᠢᠳ ᠠᠯᠦᠰ ᠤᠨ ᠬᠦᠰᠡᠯ ᠢ ᠡᠪᠦᠷᠯᠡᠨ᠂ ᠵᠢᠪᠬᠤᠭ᠎ᠠ ᠲᠡᠬᠦᠯᠳᠡᠷ ᠢᠶᠠᠷ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠤᠬᠳᠤᠵᠦ᠂ ᠤᠳᠬ᠎ᠠ ᠲᠡᠬᠦᠯᠳᠡᠷ ᠰᠤᠷᠭᠠᠭᠤᠯᠢ ᠶᠢᠨ ᠬᠦᠷᠢᠶᠡᠨ ᠤ ᠠᠮᠢᠳᠦᠷᠠᠯ ᠢᠶᠠᠨ ᠡᠬᠢᠯᠡᠬᠦᠯᠪᠡ᠃
乌市.jpg
        ᠳ᠋ᠦᠩ ᠯᠢᠨ ᠭᠥᠸᠧ ᠭᠥᠸᠧ ᠰᠡᠬᠦᠳᠡᠷᠯᠡᠨ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号