ᠤᠯᠠᠭᠠᠨᠬᠤᠲᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
        2 ᠰᠠᠷ᠎ᠠ ᠶᠢᠨ 26 ᠤ ᠡᠳᠦᠷ᠂ ᠤᠯᠠᠭᠠᠨᠬᠤᠲᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠦ ᠭᠦᠸᠧ ᠵᠥᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠪᠥᠬᠦ ᠬᠤᠲᠠ ᠶᠢᠨ 5 ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ 17 ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠶᠠᠷᠢᠯᠴᠠᠬᠤ ᠬᠤᠷᠠᠯ ᠳᠡᠭᠡᠷ᠎ᠡ᠂ 17 ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ 2024 ᠣᠨ ᠤ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠵᠢᠴᠢ 2025 ᠣᠨ ᠤ ᠬᠥᠭᠵᠢᠯᠲᠡ ᠶᠢᠨ ᠴᠢᠭᠯᠡᠯ ᠵᠡᠷᠭᠡ ᠲᠠᠯ᠎ᠠ ᠪᠠᠷ ᠶᠠᠷᠢᠶ᠎ᠠ ᠲᠠᠯᠪᠢᠵᠤ᠂ ᠪᠦᠦ ᠭᠦᠸᠧ ᠵᠥᠩ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠢ ᠶᠢᠨ ᠬᠠᠷᠢᠭᠤᠴᠠᠯᠭᠠᠲᠠᠨ ᠲᠠᠢ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠳᠤ ᠰᠢᠰᠲ᠋ᠧᠮ ᠲᠠᠢ ᠬᠠᠷᠢᠭᠤᠯᠲᠠ ᠥᠭᠭᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠢᠨ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠪᠠᠷ ᠲᠤᠯᠭᠠᠭᠤᠷᠢᠯᠠᠯ ᠪᠣᠯᠭᠠᠵᠤ᠂ ᠢᠳᠡᠪᠬᠢᠲᠡᠶ ᠠᠵᠢᠯᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠵᠢᠯᠴᠢᠨ ᠬᠡᠷᠡᠭᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠥᠷᠥᠯ ᠤᠨ ᠠᠵᠢᠯᠲᠠᠨ ᠡᠯᠰᠡᠬᠦ ᠬᠤᠷᠠᠯ᠂ ᠰᠦᠯᠵᠢᠶᠡᠨ ᠳᠡᠭᠡᠷᠡᠬᠢ ᠠᠵᠢᠯᠴᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠠᠷᠭ᠎ᠠ ᠵᠠᠮ ᠢ ᠥᠷᠭᠡᠳᠬᠡᠵᠦ᠂ ᠠᠵᠢᠯᠲᠠᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠵᠣᠬᠢᠴᠠᠭᠤᠯᠵᠤ ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠤᠯᠤᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠭᠡᠬᠦ ᠡᠨᠡ ᠬᠦ ᠵᠠᠩᠭᠢᠯᠠᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠲᠥᠷᠥ ᠶᠢᠨ ᠪᠣᠳᠣᠯᠭ᠎ᠠ ᠶᠢ ᠭᠤᠶᠤᠴᠢᠯᠠᠨ ᠮᠡᠳᠡᠭᠦᠯᠵᠦ ᠵᠢᠯᠣᠭᠤᠳᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠵᠦᠢᠯ ᠵᠤᠷᠪᠤᠰ ᠢ ᠨᠡᠪᠲᠡᠷᠡᠲᠡᠯ᠎ᠡ ᠣᠶᠢᠯᠠᠭᠠᠭᠤᠯᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠡᠳ᠋ᠯᠡᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠶ᠃ ︽ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠬᠦ︾ ᠪᠠᠷ ᠬᠥᠲᠥᠯᠦᠮᠵᠢ ᠪᠣᠯᠭᠠᠵᠤ᠂ ᠲᠡᠷᠢᠭᠦᠨ ᠤ ᠭᠠᠵᠠᠷ ᠣᠷᠣᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠯᠠᠪᠯᠠᠯᠲᠠ ᠪᠣᠯᠭᠠᠵᠤ᠂ ᠣᠲᠣ ᠶᠢᠨ ᠪᠠᠶᠢᠭ᠎ᠠ ᠪᠣᠷᠣᠯᠠᠭᠤᠯᠤᠯᠲᠠ᠂ ᠢᠳᠡᠭᠡᠨ ᠤᠮᠳᠠᠭᠠᠨ ᠵᠡᠷᠭᠡ ᠠᠵᠤ ᠠᠬᠤᠶᠢᠯᠠᠯ ᠤᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠳᠤ ᠲᠤᠷᠰᠢᠯᠭ᠎ᠠ ᠬᠠᠩᠭᠠᠬᠤ ᠬᠡᠷᠡᠭᠲᠡᠶ᠃ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠴᠢᠨᠠᠷ ᠰᠠᠶᠢᠲᠠᠶ ᠦᠢᠯᠡᠴᠢᠯᠡᠬᠦ ᠪᠠᠷ ᠳᠠᠮᠵᠢᠨ᠂ ᠠᠵᠤ ᠠᠬᠤᠶᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠬᠡᠷᠡᠭᠯᠡᠭᠴᠢᠳ ᠤᠨ ᠢᠲᠡᠭᠡᠯ ᠪᠠ ᠵᠠᠬ᠎ᠠ ᠳᠡᠯᠭᠡᠭᠦᠷ ᠤᠨ ᠵᠥᠪᠰᠢᠶᠡᠷᠡᠯ ᠢ ᠣᠯᠬᠤ ᠬᠡᠷᠡᠭᠲᠡᠶ ᠭᠡᠵᠦ ᠴᠢᠬᠤᠯᠠᠴᠢᠯᠠᠵᠠᠢ᠃    
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号