| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ 2 ᠰᠠᠷ᠎ᠠ ᠶᠢᠨ 1 ᠤ ᠡᠳᠦᠷ | ᠬᠡᠪᠯᠡᠭᠳᠡᠬᠦ 3 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ 2016 ᠣᠨ ᠤ 12 ᠰᠠᠷ᠎ᠠ ᠶᠢᠨ 12 ᠤᠨ ᠡᠳᠦᠷ ᠠᠩᠬᠠᠳᠤᠭᠠᠷ ᠬᠤᠭᠤᠴᠠᠭᠠᠨ ᠤ | ᠪᠦᠭᠦ ᠤᠯᠤᠰ ᠤᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠶᠠᠷᠢᠶ᠎ᠠ ᠶᠢᠨ ︽ᠭᠡᠷ | ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︾ | ᠭᠡᠬᠦ ᠨᠢᠭᠡ ᠬᠡᠰᠡᠭ ᠢ ᠨᠡᠶᠢᠲᠡᠯᠡᠪᠡ᠃ | ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠶᠡᠷᠦ ᠠᠴᠠ ᠭᠡᠷ ᠪᠦᠯᠢ ᠶᠢ ᠴᠢᠬᠤᠯᠠᠴᠢᠯᠠᠳᠠᠭ᠃ ᠨᠠᠰᠤᠲᠠᠨ ᠢᠶᠠᠨ | ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠤᠬᠠᠭᠠᠨᠲᠤ ᠭᠡᠷᠭᠡᠢ ᠲᠠᠢ ᠡᠷ᠎ᠡ ᠶᠢᠨ ᠰᠠᠨᠠᠭ᠎ᠠ ᠠᠮᠤᠷ ᠪᠠᠶᠢᠬᠤ᠂ ᠡᠬᠡ ᠨᠢ | ᠡᠨᠡᠷᠢᠩᠭᠦᠢ ᠪᠣᠯ ᠬᠥᠪᠡᠭᠦᠨ ᠨᠢ ᠡᠯᠪᠡᠷᠢᠯ ᠲᠠᠢ᠂ ᠠᠬ᠎ᠠ ᠳᠡᠭᠦᠦ ᠬᠤᠭᠤᠷᠣᠨᠳᠤ ᠪᠠᠨ ᠨᠥᠭᠦᠷᠰᠡᠭ ᠪᠠᠶᠢᠬᠤ᠂ ᠲᠠᠷᠢᠶᠠᠯᠠᠬᠤ ᠶᠢᠨ | ᠬᠠᠮᠲᠤ ᠰᠤᠷᠤᠯᠴᠠᠬᠤ ᠭᠡᠷ ᠤᠨ ᠤᠯᠠᠮᠵᠢᠯᠠᠯ ᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠮᠡᠳᠡᠯᠭᠡ ᠮᠣᠷᠠᠯ ᠲᠠᠢ | ᠪᠠᠶᠢᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠭᠡᠷ ᠬᠤᠲᠠᠯᠠᠭᠠᠷ ᠡᠶ᠎ᠡ ᠡᠪᠲᠡᠢ ᠪᠣᠯᠪᠠᠰᠤ ᠬᠠᠮᠤᠭ | ᠦᠢᠯᠡᠰ ᠬᠥᠭᠵᠢᠩᠭᠦᠢ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠬᠠᠨ ᠰᠤᠷᠲᠠᠯ ᠪᠣᠯ | ᠳᠤᠮᠳᠠᠳᠤ ᠶᠢᠨ ᠦᠨᠳᠦᠰᠦᠲᠡᠨ ᠦᠶ᠎ᠡ ᠶᠢᠨ ᠦᠶ᠎ᠡ ᠳᠡᠭᠡᠨ ᠲᠠᠰᠤᠷᠠᠰᠢ ᠦᠭᠡᠢ᠂ ᠦᠶ᠎ᠡ ᠤᠯᠠᠷᠢᠨ ᠤᠯᠠᠮᠵᠢᠯᠠᠬᠤ ᠶᠢ | ᠲᠤᠯᠭᠠᠭᠤᠷᠢᠯᠠᠬᠤ ᠴᠢᠬᠤᠯᠠ ᠤᠶᠤᠨ ᠰᠠᠨᠠᠭᠠᠨ ᠤ ᠬᠦᠴᠦᠨ ᠮᠥᠨ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠮᠥᠨ᠃ ᠴᠠᠭ ᠦᠶ᠎ᠡ ᠬᠡᠷᠬᠢᠨ ᠬᠤᠪᠢᠷᠠᠵᠤ᠂ ᠠᠵᠤ ᠠᠬᠤᠢ ᠨᠡᠶᠢᠭᠡᠮ | ᠬᠡᠷᠬᠢᠨ ᠬᠥᠭᠵᠢᠭᠰᠡᠨ ᠴᠦ ᠨᠢᠭᠡ ᠨᠡᠶᠢᠭᠡᠮ ᠳᠤ ᠠᠪᠴᠤ ᠬᠡᠯᠡᠪᠡᠯ ᠭᠡᠷ ᠪᠦᠯᠢ ᠶᠢᠨ ᠠᠮᠢᠳᠤᠷᠠᠯ ᠤᠨ ᠲᠦᠰᠢᠭ ᠲᠤᠯᠭᠠᠭᠤᠷᠢ ᠶᠢ | ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠨᠡᠶᠢᠭᠡᠮ ᠤᠨ ᠴᠢᠳᠠᠮᠵᠢ ᠶᠢ ᠴᠥᠮ ᠣᠷᠣᠯᠠᠭᠤᠯᠵᠤ ᠪᠣᠯᠣᠰᠢ | ᠦᠭᠡᠢ᠂ ᠭᠡᠷ ᠪᠦᠯᠢ ᠶᠢᠨ ᠪᠣᠯᠪᠠᠰᠤᠨ ᠤ ᠦᠢᠯᠡᠳᠦᠯ ᠢ ᠴᠥᠮ ᠣᠷᠣᠯᠠᠭᠤᠯᠵᠤ ᠪᠣᠯᠣᠰᠢ ᠦᠭᠡᠢ ᠶᠤᠮ᠃ ᠭᠡᠷ ᠪᠦᠯᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠲᠦᠭ ᠲᠦᠮᠡᠨ ᠭᠡᠷ ᠪᠦᠯᠢ ᠶᠢ ᠤᠯᠤᠰ ᠣᠷᠣᠨ ᠤ ᠬᠥᠭᠵᠢᠯᠲᠡ᠂ | ᠦᠨᠳᠦᠰᠦᠲᠡᠨ ᠤ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠶᠢᠨ ᠴᠢᠬᠤᠯᠠ ᠰᠠᠭᠤᠷᠢ ᠴᠡᠭ ᠪᠤᠯᠭᠠᠵᠤ᠂ ᠬᠥᠮᠥᠰ ᠤᠨ | ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠯᠠᠯ ᠢᠶᠠᠨ ᠡᠬᠢᠯᠡᠭᠦᠯᠬᠦ ᠭᠠᠵᠠᠷ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠪᠦᠯᠢ ᠶᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ | ᠨᠡᠶᠢᠭᠡᠮ ᠤᠨ ᠡᠰ ᠮᠥᠨ᠃ ᠭᠡᠷ ᠪᠦᠯᠢ ᠡᠶ᠎ᠡ ᠨᠠᠶᠢᠷᠠᠮᠳᠠᠭᠤ ᠪᠣᠯ ᠨᠡᠶᠢᠭᠡᠮ ᠠᠮᠤᠷ ᠲᠣᠭᠲᠠᠭᠤᠨ ᠪᠣᠯᠵᠤ᠂ ᠭᠡᠷ ᠪᠦᠯᠢ ᠵᠣᠯ | ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ ᠪᠣᠯᠵᠤ᠂ ᠭᠡᠷ ᠪᠦᠯᠢ ᠪᠣᠯᠪᠠᠰᠤᠨ ᠪᠣᠯ ᠨᠡᠶᠢᠭᠡᠮ ᠪᠣᠯᠪᠠᠰᠤᠨ ᠪᠣᠯᠣᠨ᠎ᠠ᠃ ᠭᠡᠷ | ᠪᠦᠯᠢ ᠶᠢᠨ ᠢᠷᠡᠭᠡᠳᠦᠢ ᠬᠤᠪᠢ ᠵᠠᠶᠠᠭ᠎ᠠ ᠨᠢ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ | ᠬᠤᠯᠪᠤᠭ᠎ᠠ ᠲᠠᠢ ᠶᠤᠮ᠃ ᠲᠦᠭ ᠲᠦᠮᠡᠨ ᠠᠶᠢᠯ ᠡᠷᠦᠭᠡ ᠴᠥᠮ ᠰᠠᠶᠢᠨ ᠪᠠᠶᠢᠪᠠᠯ ᠤᠯᠤᠰ ᠣᠷᠣᠨ ᠰᠠᠶ᠋ᠢ ᠰᠠᠶᠢᠨ ᠪᠠᠶᠢᠵᠤ᠂ | ᠦᠨᠳᠦᠰᠦᠲᠡᠨ ᠰᠠᠶ᠋ᠢ ᠰᠠᠶᠢᠨ ᠪᠠᠶᠢᠵᠤ ᠴᠢᠳᠠᠨ᠎ᠠ᠃ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ | ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠪᠣᠯ ᠬᠡᠶᠢᠰᠪᠦᠷᠢ ᠶᠠᠭᠤᠮ᠎ᠠ ᠪᠢᠰᠢ᠂ ᠡᠴᠦᠰ ᠲᠡᠭᠡᠨ ᠲᠦᠭ ᠲᠦᠮᠡᠨ | ᠭᠡᠷ ᠪᠦᠯᠢ ᠶᠢᠨ ᠵᠣᠯ ᠵᠢᠷᠭᠠᠯ ᠲᠠᠢ ᠰᠠᠶᠢᠨ ᠰᠠᠶᠢᠬᠠᠨ ᠪᠤᠯᠬᠤ ᠳᠡᠭᠡᠷ᠎ᠡ ᠢᠯᠡᠷᠡᠵᠦ᠂ ᠲᠦᠭ ᠲᠦᠮᠡᠨ ᠠᠷᠠᠳ ᠤᠨ | ᠠᠮᠢᠳᠤᠷᠠᠯ ᠤᠨ ᠲᠠᠰᠤᠷᠠᠯᠳᠠ ᠦᠭᠡᠢ ᠰᠠᠶᠢᠵᠢᠷᠠᠬᠤ ᠳᠡᠭᠡᠷ᠎ᠡ ᠢᠯᠡᠷᠡᠳᠡᠭ᠃ ᠡᠭᠦᠨ ᠤ ᠬᠠᠮᠲᠤ ᠤᠯᠤᠰ ᠣᠷᠣᠨ᠂ | ᠦᠨᠳᠦᠰᠦᠲᠡᠨ ᠰᠠᠶᠢᠨ ᠪᠠᠶᠢᠪᠠᠯ ᠭᠡᠷ ᠪᠦᠯᠢ ᠰᠠᠶ᠋ᠢ ᠰᠠᠶᠢᠨ ᠪᠠᠶᠢᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠪᠡᠯ ᠭᠡᠷ ᠪᠦᠯᠢ ᠶᠢᠨ ᠵᠡᠭᠦᠳᠦ ᠰᠠᠶ᠋ᠢ ᠲᠡᠷᠭᠡᠯᠰᠢᠵᠦ | ᠴᠢᠳᠠᠨ᠎ᠠ᠃ ᠥᠷᠭᠡᠨ ᠤᠯᠠᠨ ᠭᠡᠷ ᠪᠦᠯᠢ ᠶᠢᠨ ᠬᠢᠨ ᠭᠡᠷ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ ᠶᠢ ᠨᠢᠭᠡᠳᠬᠡᠵᠦ᠂ | ᠭᠡᠷ ᠪᠦᠯᠢ ᠶᠢᠨ ᠵᠡᠭᠦᠳᠦ ᠶᠢ ᠲᠡᠷᠭᠡᠯᠰᠢᠭᠦᠯᠬᠦ ᠶᠢ ᠦᠨᠳᠦᠰᠦᠲᠡᠨ ᠤ ᠵᠡᠭᠦᠳᠦ ᠳᠤ ᠠᠭᠤᠰᠤᠯᠴᠠᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠶᠡᠭᠡ | ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠬᠥᠮᠦᠵᠢᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ | ᠪᠣᠯ ᠬᠥᠮᠥᠨ ᠤ ᠠᠮᠢᠳᠤᠷᠠᠯ ᠤᠨ ᠠᠩᠬᠠᠨ ᠤ ᠬᠢᠴᠢᠶᠡᠯ ᠤᠨ ᠲᠠᠩᠬᠢᠮ᠂ ᠠᠪᠤ ᠡᠵᠢ ᠪᠣᠯ ᠬᠡᠦᠬᠡᠳ ᠤᠨ ᠠᠩᠬᠠᠨ ᠤ ᠪᠠᠭᠰᠢ | ᠪᠣᠯᠣᠨ᠎ᠠ᠃ ᠭᠡᠷ ᠤᠨ ᠬᠥᠮᠦᠵᠢᠯ ᠤᠨ ᠬᠠᠮᠤᠭ ᠴᠢᠬᠤᠯᠠ ᠨᠢ ᠵᠠᠩ ᠮᠣᠷᠠᠯ ᠤᠨ ᠬᠥᠮᠦᠵᠢᠯ᠂ ᠬᠡᠷᠬᠢᠨ ᠬᠥᠮᠥᠨ ᠪᠤᠯᠬᠤ | ᠬᠥᠮᠦᠵᠢᠯ ᠪᠣᠯᠣᠨ᠎ᠠ᠃ ᠡᠴᠢᠭᠡ ᠡᠬᠡ ᠪᠠ ᠭᠡᠷ ᠤᠨ ᠠᠬᠠᠮᠠᠳ ᠪᠣᠯᠤᠭᠰᠠᠨ ᠤ ᠬᠤᠪᠢ ᠳᠤ ᠰᠠᠶᠢᠨ ᠰᠠᠶᠢᠬᠠᠨ ᠶᠣᠰᠣ | ᠰᠤᠷᠲᠠᠬᠤᠨ ᠤ ᠦᠵᠡᠯᠲᠡ ᠶᠢ ᠬᠡᠦᠬᠡᠳ ᠲᠤ ᠪᠠᠭ᠎ᠠ ᠠᠴᠠ ᠨᠢ ᠳᠠᠮᠵᠢᠭᠤᠯᠵᠤ᠂ ᠲᠡᠳᠡᠨ ᠤ ᠬᠥᠮᠥᠨ ᠪᠤᠯᠬᠤ ᠴᠢᠩ ᠵᠣᠷᠢᠭ ᠪᠠ | ᠰᠥᠰᠥ ᠵᠣᠷᠢᠭ ᠲᠠᠢ ᠪᠤᠯᠬᠤ ᠶᠢ ᠬᠥᠲᠥᠯᠥᠨ ᠵᠢᠯᠤᠭᠤᠳᠴᠤ᠂ ᠲᠡᠳᠡᠨ ᠢ ᠬᠠᠪᠰᠤᠷᠤᠨ ᠰᠠᠶᠢᠨ ᠰᠠᠶᠢᠬᠠᠨ ᠰᠡᠳᠬᠢᠯ | ᠰᠠᠨᠠᠭ᠎ᠠ ᠲᠠᠢ ᠪᠤᠯᠭᠠᠵᠤ᠂ ᠲᠡᠳᠡᠨ ᠢ ᠡᠷᠡᠭᠦᠯ ᠢᠶᠠᠷ ᠥᠰᠬᠡᠨ ᠪᠤᠶᠢᠵᠢᠭᠤᠯᠵᠤ᠂ ᠲᠣᠮᠣ ᠪᠣᠯᠤᠭᠰᠠᠨ ᠤ ᠳᠠᠷᠠᠭ᠎ᠠ ᠤᠯᠤᠰ ᠪᠠ | ᠠᠷᠠᠳ ᠲᠦᠮᠡᠨ ᠳᠤ ᠬᠡᠷᠡᠭᠴᠡᠭᠡ ᠲᠠᠢ ᠬᠥᠮᠥᠨ ᠪᠤᠯᠭᠠᠬᠤ ᠬᠡᠷᠡᠭᠲᠡᠢ᠃ ᠥᠷᠭᠡᠨ ᠤᠯᠠᠨ ᠭᠡᠷ ᠪᠦᠯᠢ ᠶᠢᠨ ᠬᠢᠨ ᠬᠡᠯᠡᠵᠦ | ᠰᠤᠷᠭᠠᠬᠤ ᠶᠢ ᠴᠢᠬᠤᠯᠠᠴᠢᠯᠠᠵᠤ᠂ ᠬᠡᠪ ᠳᠦᠷᠢᠮ ᠪᠤᠯᠬᠤ ᠶᠢ ᠴᠢᠬᠤᠯᠠᠴᠢᠯᠠᠵᠤ᠂ ᠮᠡᠳᠡᠯᠭᠡ ᠵᠢᠭᠠᠵᠤ᠂ ᠶᠣᠰᠣ ᠮᠣᠷᠠᠯ ᠢ | ᠬᠥᠮᠥᠵᠢᠭᠦᠯᠵᠦ᠂ ᠬᠡᠦᠬᠡᠳ ᠤᠨ ᠬᠥᠮᠥᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠵᠤ᠂ ᠬᠥᠮᠥᠨ ᠤ | ᠠᠮᠢᠳᠤᠷᠠᠯ ᠤᠨ ᠠᠩᠬᠠᠨ ᠤ ᠱᠠᠲᠤ ᠶᠢ ᠰᠠᠶᠢᠲᠤᠷ ᠳᠠᠪᠠᠭ᠋ᠤ ᠳᠤᠨᠢ ᠬᠠᠪᠰᠤᠷᠬᠤ ᠬᠡᠷᠡᠭᠲᠡᠢ᠃ ᠭᠡᠷ ᠪᠦᠯᠢ ᠳᠡᠭᠡᠨ ᠨᠡᠶᠢᠭᠡᠮ | ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠭᠡᠷ ᠪᠦᠯᠢ ᠶᠢᠨ | ᠪᠦᠷᠢᠯᠳᠦᠭᠦᠨ ᠢᠯᠠᠩᠭᠤᠶ᠎ᠠ ᠬᠤᠶᠢᠴᠢ ᠦᠶ᠎ᠡ ᠶᠢᠨ ᠬᠢᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ | ᠠᠷᠠᠳ ᠲᠦᠮᠡᠨ ᠢᠶᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠶᠢ ᠬᠥᠲᠥᠯᠥᠨ ᠵᠢᠯᠤᠭᠤᠳᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠢᠳᠡᠪᠬᠢᠲᠡᠢ ᠤᠯᠠᠮᠵᠢᠯᠠᠨ | ᠳᠡᠯᠭᠡᠷᠡᠭᠦᠯᠵᠦ᠂ ᠬᠥᠮᠥᠰ ᠤᠨ ᠭᠡᠷ ᠪᠦᠯᠢ ᠳᠡᠭᠡᠨ ᠵᠣᠯ ᠵᠢᠷᠭᠠᠯ ᠡᠳ᠋ᠯᠡᠭᠦᠯᠭᠦ᠂ ᠪᠤᠰᠤᠳ ᠲᠤ ᠬᠠᠶᠢᠷ᠎ᠠ ᠬᠠᠯᠠᠮᠵᠢ ᠬᠦᠷᠭᠡᠬᠦ᠂ | ᠨᠡᠶᠢᠭᠡᠮ ᠳᠤ ᠬᠤᠪᠢ ᠨᠡᠮᠡᠷᠢ ᠦᠵᠡᠭᠦᠯᠭᠦ ᠶᠠᠪᠤᠴᠠ ᠳᠤ ᠤᠶᠤᠨ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠭᠦ᠂ ᠪᠣᠯᠪᠠᠰᠤᠨ | ᠬᠡᠪ ᠰᠤᠷᠲᠠᠯ ᠢ ᠪᠤᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠰᠤᠷᠲᠠᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠤᠨ | ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠭᠡᠷ ᠪᠦᠯᠢ ᠨᠢ ᠬᠥᠮᠥᠰ ᠤᠨ | ᠣᠷᠣᠨ ᠰᠠᠭᠤᠴᠠ ᠲᠡᠳᠦᠢ ᠪᠢᠰᠢ ᠨᠡᠩ ᠴᠤ ᠬᠥᠮᠥᠰ ᠤᠨ ᠰᠡᠳᠬᠢᠯ ᠤᠨ ᠪᠠᠭᠤᠴᠠ ᠪᠤᠯᠬᠤ ᠶᠤᠮ᠃ ᠥᠷᠭᠡᠨ ᠤᠯᠠᠨ ᠭᠡᠷ | ᠪᠦᠯᠢ ᠴᠥᠮ ᠰᠢᠯᠢᠳᠡᠭ ᠰᠠᠶᠢᠨ ᠭᠡᠷ ᠤᠨ ᠰᠤᠷᠲᠠᠯ ᠢ ᠪᠠᠳᠠᠷᠠᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠰᠠᠶᠢᠬᠠᠨ | ᠭᠡᠷ ᠤᠨ ᠰᠤᠷᠲᠠᠯ ᠢᠶᠠᠷ ᠪᠦᠭᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠬᠤ ᠬᠡᠷᠡᠭᠲᠡᠢ᠃ ᠢᠯᠠᠩᠭᠤᠶ᠎ᠠ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠭᠡᠷ ᠤᠨ ᠰᠤᠷᠲᠠᠯ ᠢ ᠰᠠᠶᠢᠲᠤᠷ ᠠᠳᠬᠤᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠲᠤ ᠭᠡᠷ ᠤᠨ | ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠵᠤ᠂ | ᠲᠦᠷᠦᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠱᠠᠭᠠᠷᠳᠠᠵᠤ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ | ᠪᠣᠭᠤᠮᠲᠠ ᠶᠢ ᠰᠠᠶᠢᠲᠤᠷ ᠳᠠᠪᠠᠭ᠋ᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠳᠤᠷᠢᠳᠬᠤ | ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠤᠯᠠᠨ ᠲᠦᠮᠡᠨᠴᠢ ᠪᠦᠯᠭᠦᠮ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ | ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠠᠯ᠎ᠠ ᠶᠢᠨ ᠬᠢᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ | ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠬᠠᠪᠰᠤᠷᠴᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠵᠢᠯ ᠤᠨ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠬᠤ᠂ ᠵᠢᠯᠤᠭᠤᠳᠬᠤ᠂ | ᠱᠠᠯᠠᠪᠳᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠨ ᠥᠷᠭᠡᠨ ᠢᠶᠠᠷ | ᠣᠷᠣᠯᠴᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠰᠠᠨᠠᠬᠤ᠂ ᠥᠭᠡᠳᠡᠷᠬᠡᠭ | ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ | ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | |