| 1 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠢ ᠵᠢᠶ ᠱᠦᠨ ᠸᠢᠳᠢᠣ᠋ ᠪᠠᠷ ᠡᠯ᠎ᠡ ᠬᠤᠰᠢᠭᠤ ᠰᠢᠶᠠᠨ ᠬᠤᠳᠠ ᠶᠢᠨ ᠵᠢᠵᠢᠭᠦᠷᠯᠡᠬᠦ ᠡᠭᠡᠯᠵᠢ | ᠳᠠᠭᠠᠭᠤᠯᠤᠭᠰᠠᠨ ᠤᠳᠤᠷᠢᠳᠤᠯᠭ᠎ᠠ ᠲᠠᠢ ᠬᠠᠷᠢᠯᠴᠠᠵᠤ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ | ᠵᠠᠰᠠᠭ ᠤᠨ ᠶᠠᠪᠤᠳᠠᠯ ᠤᠨ ᠵᠢᠵᠢᠭᠦᠷᠯᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠲᠤᠬᠢᠷᠠᠭᠤᠯᠬᠤ ᠶᠢᠨ ᠬᠠᠮᠲᠤ | ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠳᠠᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ | ᠃ | ᠢᠦᠶ ᠵᠢᠶ ᠱᠦᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ | ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ᠡᠯ᠎ᠡ ᠭᠠᠵᠠᠷ ᠣᠷᠣᠨ ᠡᠯ᠎ᠡ ᠠᠵᠢᠯ ᠲᠥᠷᠥᠯ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭᠠᠨ ᠤ | ᠠᠮᠤᠷ ᠲᠦᠪᠰᠢᠨ᠂ ᠵᠢᠭᠤᠯᠴᠢᠯᠠᠭᠴᠢᠳ ᠲᠤ ᠦᠢᠯᠡᠴᠢᠯᠡᠬᠦ ᠵᠡᠷᠭᠡ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ | ᠡᠵᠡᠮᠰᠢᠵᠦ᠂ ᠱᠠᠲᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠠᠨᠠᠭᠤᠯᠬᠤ ᠪᠠ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠳᠠᠯ ᠢ ᠢᠯᠡᠭᠦᠬᠡᠨ ᠠᠰᠠᠭᠤᠵᠤ | ᠂ ᠢᠯᠡᠭᠦᠬᠡᠨ ᠰᠠᠨᠠᠭᠤᠯᠵᠤ᠂ ᠦᠨᠳᠦᠰᠦᠨ ᠱᠠᠲᠤᠨ ᠤ ᠠᠮᠤᠷ ᠲᠦᠪᠰᠢᠨ ᠢ ᠴᠠᠭ ᠢᠮᠠᠭᠲᠠ ᠴᠢᠩᠭᠠᠷᠠᠭᠤᠯᠬᠤ ᠶᠢ | ᠪᠠᠲᠤᠯᠠᠬᠤ ᠬᠡᠷᠡᠭᠲᠡᠢ᠃ ᠰᠦᠯᠵᠢᠶᠡᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠲᠠ ᠥᠭᠴᠦ᠂ | ᠣᠷᠣᠰᠢᠵᠤ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠪᠥᠬᠦ ᠠᠶᠢᠮᠠᠭ ᠤᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠠᠮᠤᠷ ᠠᠮᠤᠭᠤᠯᠠᠩ ᠡᠷᠡᠭᠦᠯ ᠡᠩᠬᠡ᠂ ᠪᠠᠶᠠᠷ ᠬᠥᠷ ᠲᠠᠢ ᠪᠠᠷ | ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | ᠠᠶᠢᠮᠠᠭ ᠤᠨ ᠤᠳᠤᠷᠢᠳᠤᠯᠭ᠎ᠠ ᠴᠧᠨ ᠬᠤᠩ ᠪᠥᠸᠧ᠂ ᠰᠦᠨ ᠱᠦ ᠲᠤᠤ ᠬᠤᠷᠠᠯ ᠳᠤ ᠣᠷᠣᠯᠴᠠᠪᠠ᠃ ︵ | ᠯᠢᠦ ᠭᠥᠸᠧ ᠶᠠᠨ ᠯᠢ ᠴᠤᠤ︶ |