| ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠦᠷᠬᠦᠯᠵᠢᠳᠡ ᠶᠢᠨ ᠴᠢᠨᠠᠷᠳᠠᠢ ᠦᠷᠨᠢᠬᠦᠯᠵᠦ᠂ ᠬᠤᠳᠠ ᠶᠢᠨ ᠠᠷᠠᠳ ᠤᠨ | ᠠᠮᠢᠳᠤᠷᠠᠯ ᠢ ᠪᠡᠶᠠᠯᠢᠭᠵᠢᠭᠤᠯᠤᠬᠰᠠᠨ ᠢᠶᠠᠷ ᠪᠠᠷᠠᠬᠤ ᠦᠭᠡᠢ ᠪᠣᠯᠪᠠᠰᠤᠨ ᠰᠤᠷᠲᠠᠯ ᠢ ᠤᠬᠠᠭᠤᠯᠤᠨ ᠳᠡᠯᠭᠡᠷᠡᠬᠦᠯᠪᠡ᠃ | ᠤᠨᠤᠯ ᠤᠨ ᠤᠬᠠᠭᠤᠯᠤᠨ ᠲᠠᠶᠢᠯᠪᠤᠷᠢᠯᠠᠯᠳᠠ ᠨᠢ ᠨᠠᠮ ᠤᠨ ︽ᠲᠠᠭᠤᠨ︾ ᠢ ᠬᠦᠮᠦᠰ ᠤᠨ ᠰᠡᠳᠭᠢᠯ ᠳᠤ | ᠬᠠᠳᠠᠩᠰᠢᠭᠤᠯᠪᠠ᠃ ᠤᠢᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠠᠬᠢ | ᠵᠡᠭᠡᠯᠢ ᠶᠢᠨ ᠭᠡᠷᠡᠭ ᠡᠷᠬᠢᠯᠡᠬᠦ ᠭᠠᠵᠠᠷ ᠤᠨ ᠭᠠᠩ ᠬᠤᠸᠠ ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ | ᠠᠩᠬᠢ ᠶᠢᠨ ᠭᠡᠰᠢᠭᠦᠳ ᠰᠠᠭᠤᠭᠠᠯᠢ ᠠᠷᠠᠳ ᠲᠤ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠳᠠᠶᠢᠯᠪᠤᠷᠢᠯᠠᠬᠤ | ᠠᠵᠢᠯᠯᠠᠭ᠎ᠠ ᠦᠷᠨᠢᠬᠦᠯᠵᠦ᠂ ᠬᠠᠷᠢᠯᠴᠠᠨ ᠬᠦᠳᠡᠯᠤᠯᠴᠡᠬᠦ᠂ ᠠᠰᠠᠭᠤᠯᠳᠠ ᠬᠠᠷᠢᠭᠤᠯᠤᠨ ᠱᠠᠩᠨᠠᠯ ᠤᠯᠭᠤᠬᠤ᠂ ᠵᠢᠵᠢᠭ | ᠪᠡᠯᠡᠭ ᠬᠦᠷᠭᠡᠬᠦ ᠵᠡᠷᠭᠡ ᠪᠠᠷ ᠰᠠᠭᠤᠭᠠᠯᠢ ᠠᠷᠠᠳ ᠤᠨ ᠰᠤᠷᠤᠯᠴᠠᠯᠭ᠎ᠠ ᠶᠢᠨ ᠤᠷᠮ᠎ᠠ ᠪᠠᠬ᠎ᠠ ᠶᠢ ᠬᠦᠭᠵᠢᠭᠡᠵᠦ᠂ ᠨᠠᠮ ᠤᠨ | ︽ᠳᠠᠭᠤᠨ︾ ᠢ ᠬᠦᠮᠦᠰ ᠤᠨ ᠰᠡᠳᠬᠢᠯ ᠳᠤ ᠬᠠᠳᠠᠩᠰᠢᠭᠤᠯᠪᠠ᠃ | ᠤᠯᠠᠭᠠᠨᠬᠤᠳᠠ ᠶᠢᠨ ᠭᠡᠭᠡᠨᠰᠦ᠋ᠮ᠎ᠡ ᠪᠠᠯᠭᠠᠰᠤᠨ ᠤ ᠶᠢᠦ ᠢ ᠭᠠᠴᠠᠭ᠎ᠠ ᠳᠤ᠂ ᠨᠠᠮ ᠤᠨ ᠣᠨᠣᠯ ᠲᠥᠷᠥ ᠶᠢᠨ | ᠪᠣᠳᠣᠯᠭ᠎ᠠ ᠶᠢᠨ ᠤᠬᠠᠭᠤᠯᠤᠨ ᠳᠠᠶᠢᠯᠪᠤᠷᠢᠯᠠᠬᠴᠢ ᠨᠠᠷ ᠨᠠᠮ ᠤᠨ ᠲᠦᠷᠦ ᠶᠢᠨ ᠪᠤᠳᠤᠯᠭ᠎ᠠ ᠶᠢ ᠨᠠᠩ ᠠᠮᠢᠳᠤᠯᠢᠬ | ᠤᠬᠠᠭᠤᠯᠬᠤ ᠪᠠᠷ᠂ ᠭᠠᠴᠠᠭ᠎ᠠ ᠶᠢᠨ ᠠᠷᠠᠳ ᠤᠨ ᠳᠤᠷ᠎ᠠ ᠪᠠᠬ᠎ᠠ ᠶᠢ ᠳᠡᠳᠠᠬᠰᠠᠨ ᠳᠠᠭᠤᠤ ᠪᠥᠵᠢᠭ᠂ ᠴᠠᠷᠭᠢᠯ | ᠬᠤᠯᠪᠣᠭ᠎ᠠ ᠵᠡᠷᠭᠡ ᠤᠷᠨᠨ ᠰᠠᠶᠢᠬᠠᠨ ᠤ ᠳᠤᠬᠯᠠᠯᠳᠠ ᠪᠤᠯᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ | ᠬᠠᠷᠢᠯᠴᠠᠨ ᠠᠭᠤᠰᠤᠯᠴᠠᠭᠤᠯᠤᠨ ᠤᠬᠠᠭᠤᠯᠤᠨ᠎ᠠ᠃ ᠵᠢᠵᠢᠭ ᠦᠯᠢᠭᠡᠷ ᠢᠶᠠᠷ ᠶᠡᠭᠡ ᠭᠤᠣᠯ ᠰᠡᠳᠦᠪ ᠢ ᠠᠴᠢᠶᠠᠯᠠᠵᠤ᠂ | ᠤᠨᠤᠯ ᠤᠨ ᠤᠬᠢ ᠰᠣᠳᠣ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠭᠠᠴᠠᠭᠠᠨ ᠤ ᠠᠷᠠᠳ ᠤᠨ ᠡᠵᠡᠮᠰᠢᠨ | ᠰᠤᠷᠤᠯᠴᠠᠬᠤ ᠶᠢ ᠠᠬᠢᠭᠤᠯᠤᠨ᠎ᠠ᠃ | ᠤᠬᠠᠭᠤᠯᠤᠨ ᠲᠠᠶᠢᠯᠪᠤᠷᠢᠯᠠᠬᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠤᠯᠠᠭᠠᠨᠬᠤᠲᠠ | ᠴᠢᠳᠠᠪᠤᠷᠢᠲᠠᠨ ᠢ ᠥᠷᠭᠡᠨ ᠢᠶᠠᠷ ᠤᠷᠢᠵᠤ᠂ ᠪᠦᠬᠦ ᠬᠤᠳᠠ ᠶᠢᠨ ᠡᠯ᠎ᠡ ᠠᠵᠢᠯ ᠲᠦᠷᠦᠯ ᠤᠨ ︽ᠤᠬᠠᠭᠤᠯᠤᠨ | ᠲᠠᠶᠢᠯᠪᠤᠷᠢᠯᠠᠭᠴᠢ︾ ᠶᠢ 1000 ᠭᠠᠷᠤᠢ ᠰᠣᠩᠭᠤᠵᠤ᠂ ᠦᠪᠡᠷᠮᠢᠴᠡ ᠣᠨᠴᠠᠯᠢᠭ ᠲᠠᠢ ᠤᠬᠠᠭᠤᠯᠤᠨ ᠲᠠᠶᠢᠯᠪᠤᠷᠢᠯᠠᠬᠤ | ᠪᠠᠭ᠎ᠠ ᠠᠩᠬᠢ ᠶᠢ 127 ᠵᠣᠬᠢᠶᠠᠨ ᠪᠠᠶᠢᠭᠤᠯᠪᠠ᠃ ᠬᠤᠲᠠ ᠶᠢᠨ ᠵᠡᠭᠡᠯᠢ ᠭᠤᠳᠤᠮᠵᠢ ᠪᠠᠷ ᠰᠦᠯᠵᠢᠯᠳᠦᠭᠰᠡᠨ ︽ | ᠨᠡᠶᠢᠲᠡ ᠶᠢᠨ ᠮᠠᠰᠢᠨ ᠲᠡᠷᠭᠡ︾ ᠶᠢᠨ ᠤᠬᠠᠭᠤᠯᠤᠨ ᠲᠠᠶᠢᠯᠪᠤᠷᠢᠯᠠᠬᠤ ᠠᠩᠭᠢ᠂ ᠵᠠᠯᠠᠭᠤ ᠨᠠᠰᠤᠨ ᠤ ᠴᠤᠭ | ᠵᠢᠪᠬᠤᠭ᠎ᠠ ᠪᠠᠷ ᠪᠢᠯᠬᠠᠭᠰᠠᠨ ︽ᠤᠯᠠᠭᠠᠨ ᠪᠥᠴᠡᠲᠡᠨ︾ ᠤ ᠤᠬᠠᠭᠤᠯᠤᠨ ᠲᠠᠶᠢᠯᠪᠤᠷᠢᠯᠠᠬᠤ ᠠᠩᠭᠢ᠂ ᠠᠵᠢᠯᠴᠢ | ᠬᠥᠳᠡᠯᠮᠦᠷᠢᠴᠢ ︽ᠣᠷᠴᠢᠨ ᠲᠣᠭᠤᠷᠢᠨ ᠤ ᠴᠡᠪᠡᠷᠯᠡᠭᠴᠢ︾ ᠶᠢᠨ ᠤᠬᠠᠭᠤᠯᠤᠨ ᠲᠠᠶᠢᠯᠪᠤᠷᠢᠯᠠᠬᠤ ᠠᠩᠭᠢ᠂ ᠡᠷᠡᠰ | ᠪᠠᠳᠦ ︽ᠴᠡᠷᠢᠭ ᠠᠴᠠ ᠬᠠᠯᠠᠭᠳᠠᠭᠰᠠᠳ︾ ᠤᠨ ᠤᠬᠠᠭᠤᠯᠤᠨ ᠲᠠᠶᠢᠯᠪᠤᠷᠢᠯᠠᠬᠤ ᠠᠩᠭᠢ ᠵᠡᠷᠭᠡ ᠨᠢ ᠲᠤᠰᠬᠠᠶ | ᠮᠡᠷᠭᠡᠵᠢᠯ ᠤᠨ ᠣᠯᠠᠨ ᠡᠰᠢᠲᠦ᠂ ᠣᠨᠴᠠ ᠴᠢᠳᠠᠪᠤᠷᠢᠲᠠᠶ᠂ ᠬᠦᠴᠦᠷᠬᠡᠭ ᠶᠡᠭᠡ ᠤᠬᠠᠭᠤᠯᠤᠨ ᠲᠠᠶᠢᠯᠪᠤᠷᠢᠯᠠᠬᠤ ᠡᠩᠨᠡᠭᠡ | ᠪᠤᠯᠵᠦ ᠪᠦᠷᠢᠯᠳᠦᠭᠰᠡᠨ ᠪᠠᠶᠢᠨ᠎ᠠ᠃ ᠤᠯᠠᠭᠠᠨᠬᠤᠲᠠ ᠪᠠᠰᠠ ᠬᠠᠮᠲᠤ ᠪᠠᠷ ᠬᠢᠴᠢᠶᠡᠯ ᠪᠡᠯᠡᠳᠭᠡᠬᠦ᠂ ᠨᠠᠷᠠᠲᠤ ᠪᠠᠭᠰᠢ ᠠᠴᠠ | ᠵᠢᠯᠤᠭᠤᠳᠬᠤ᠂ ᠲᠤᠰᠬᠠᠶ ᠰᠡᠳᠦᠪ ᠢᠶᠠᠷ ᠲᠤᠷᠰᠢᠨ ᠶᠠᠷᠢᠬᠤ ᠵᠡᠷᠭᠡ ᠬᠥᠮᠦᠵᠢᠭᠦᠯᠬᠦ ᠠᠷᠭ᠎ᠠ ᠬᠡᠮᠵᠢᠶ᠎ᠡ ᠶᠢ | ᠪᠠᠶᠢᠩᠭᠤᠵᠢᠭᠤᠯᠤᠨ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠭᠴᠢ ᠶᠢ ᠪᠥᠬᠦ ᠲᠠᠯ᠎ᠠ ᠪᠠᠷ ᠬᠦᠮᠦᠵᠢᠬᠦᠯᠤᠨ᠂ | ᠣᠨᠣᠯ ᠤᠨ ᠮᠡᠳᠡᠯᠭᠡ ᠶᠢ ᠪᠣᠯᠪᠠᠰᠤᠷᠠᠩᠭᠤᠶ ᠡᠵᠡᠮᠰᠢᠭᠦᠯᠵᠦ᠂ ᠤᠬᠠᠭᠤᠯᠤᠨ ᠲᠠᠶᠢᠯᠪᠤᠷᠢᠯᠠᠬᠤ ᠤᠷ᠎ᠠ ᠮᠡᠷᠭᠡᠵᠢᠯ ᠢ | ᠨᠠᠷᠢᠯᠢᠭ ᠣᠨᠣᠴᠠᠲᠠᠶ ᠪᠠᠷ ᠲᠡᠯᠬᠡᠷᠡᠬᠦᠯᠪᠡ᠃ | ᠵᠢᠭᠰᠠᠭᠠᠯ ᠤᠨ ᠭᠠᠵᠠᠷ ᠢ ᠬᠦᠴᠦᠷᠬᠡᠭᠵᠢᠭᠦᠯᠦᠨ ᠦᠢᠯᠡᠴᠢᠯᠡᠭᠡᠨ ᠤ ᠬᠦᠷᠢᠶ᠎ᠠ ᠭᠡᠪᠴᠢᠶ᠎ᠠ ᠶᠢ ᠦᠷᠭᠡᠳᠭᠡᠪᠡ᠃ | ᠣᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠠᠮᠲᠠᠲᠤ ᠢᠳᠡᠭᠡᠨ ᠤ ᠵᠡᠭᠡᠯᠢ ᠳᠤ ᠤᠯᠠᠭᠠᠨ | ᠬᠠᠨᠵᠢᠶᠠᠷᠢ ᠡᠮᠦᠰᠦᠭᠰᠡᠨ ᠰᠠᠶᠢᠨ ᠳᠤᠷᠠᠴᠤᠤᠯ ᠬᠤᠭᠤᠯᠠᠨ ᠭᠡᠷ ᠲᠤ ᠵᠤᠴᠢᠳ ᠢ ᠤᠬᠳᠤᠨ ᠴᠠᠢ ᠤᠰᠦ ᠭᠠᠷᠭᠠᠨ | ᠦᠭᠴᠦ ᠬᠠᠯᠠᠭᠤᠮᠰᠤᠬ ᠢᠶᠠᠷ ᠦᠢᠯᠡᠴᠢᠯᠡᠨ᠎ᠠ᠃ ︽ᠮᠠᠨ ᠤ ᠬᠤᠭᠤᠯᠠᠨ ᠭᠡᠷ ︿ᠰᠢᠨ᠎ᠠ ᠴᠠᠬ ᠦᠶ᠎ᠠ ᠶᠢᠨ | ᠪᠤᠯᠪᠠᠰᠤᠨ ᠤ ᠦᠢᠯᠡᠳᠤᠯᠭᠡ ᠶᠢᠨ ᠦᠷᠳᠡᠭᠡ﹀ ᠶᠢᠨ ᠫᠠᠶᠢᠰᠠ ᠶᠢ ᠡᠯᠬᠦᠭᠰᠡᠨ ᠠᠴᠠ ᠨᠠᠭᠠᠰᠢ᠂ ᠳᠤᠳᠤᠭᠠᠳᠦ ᠳᠠᠭᠠᠨ | ᠡᠯ᠎ᠠ ᠵᠦᠢᠯ ᠤᠨ ᠪᠠᠴᠢᠮ ᠠᠪᠤᠷᠠᠯᠳᠠ ᠶᠢᠨ ᠬᠠᠶᠢᠷᠴᠠᠬ᠂ ᠪᠤᠷᠤᠭᠠᠨ ᠤ ᠰᠢᠬᠦᠷ ᠵᠡᠷᠭᠡ ᠶᠢ ᠪᠡᠯᠡᠳᠭᠡᠨ ᠳᠠᠯᠪᠢᠬᠰᠠᠨ | ᠲᠡᠳᠦᠢ ᠦᠬᠡᠢ ᠪᠠᠰᠠ ᠵᠤᠴᠢᠳ ᠤᠨ ᠠᠮᠠᠷᠠᠯᠳᠠ ᠶᠢᠨ ᠭᠠᠵᠠᠷ ᠭᠠᠷᠭᠠᠵᠦ᠂ ᠬᠠᠯᠠᠭᠤᠨ ᠴᠠᠢ ᠤᠰᠤ ᠳᠤᠬᠢᠷᠠᠭᠤᠯᠤᠨ | ᠦᠭᠴᠦ ᠪᠤᠢ︾ ᠭᠡᠵᠦ ᠬᠤᠭᠤᠯᠠᠨ ᠭᠡᠷ ᠤᠨ ᠡᠵᠡᠨ ᠠᠴᠠ ᠳᠠᠨᠢᠯᠴᠠᠭᠤᠯᠪᠠ᠃ | ᠤᠯᠠᠭᠠᠨᠬᠤᠳᠠ ᠶᠢᠨ ᠢᠯᠠᠯᠳᠠ ᠪᠠᠯᠭᠠᠰᠤᠨ ᠠᠴᠠ ᠪᠠᠰᠠ ᠰᠢᠨ᠎ᠠ ᠴᠠᠬ ᠦᠶ᠎ᠠ ᠶᠢᠨ ᠪᠤᠯᠪᠠᠰᠤᠨ ᠤ | ᠦᠢᠯᠡᠳᠤᠯᠭᠡ ᠶᠢᠨ ᠠᠵᠢᠯᠯᠠᠭ᠎ᠠ ᠴᠤᠤᠷᠢᠶᠠᠳᠤᠵᠦ᠂ ᠰᠢᠨ᠎ᠠ ᠴᠠᠬ ᠦᠶ᠎ᠠ ᠶᠢᠨ ᠪᠤᠯᠪᠠᠰᠤᠨ ᠤ ᠦᠢᠯᠡᠳᠤᠯᠭᠡ ᠶᠢᠨ | ᠦᠢᠯᠡᠴᠢᠯᠡᠭᠡᠨ ᠤ ᠬᠦᠷᠢᠶ᠎ᠠ ᠬᠠᠰᠢᠶ᠎ᠠ᠂ ᠦᠷᠳᠡᠭᠡ ᠶᠢ ᠪᠠᠶᠢᠭᠤᠯᠤᠨ᠂ ᠭᠠᠴᠠᠭ᠎ᠠ ᠳᠤᠰᠬᠤᠨ ᠤ ᠠᠷᠠᠳ ᠤᠨ ᠬᠠᠤᠯᠢ | ᠴᠠᠭᠠᠵᠠ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠪᠠ ᠤᠶᠤᠨ ᠤ ᠠᠮᠢᠳᠤᠷᠠᠯ ᠢ ᠪᠠᠶᠠᠯᠢᠬᠵᠢᠭᠤᠯᠵᠦ ᠪᠤᠢ᠃ | ᠤᠯᠠᠭᠠᠨᠬᠤᠲᠠ ᠶᠡᠷᠦ ᠨᠢ ᠨᠠᠷᠠᠲᠤ ᠲᠡᠮᠳᠡᠭᠲᠦ ᠶᠢᠨ ᠰᠣᠶᠣᠯ ᠤᠨ ᠵᠢᠭᠰᠠᠭᠠᠯ ᠤᠨ ᠭᠠᠵᠠᠷ ᠢ ᠢᠳᠡᠪᠬᠢᠲᠡᠶ ᠪᠣᠶ | ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠳᠠ ᠶᠢ ᠲᠠᠰᠤᠷᠠᠯᠲᠠ | ᠥᠬᠡᠶ ᠠᠬᠢᠭᠤᠯᠵᠦ ᠢᠷᠡᠵᠡᠶ᠃ 2024 ᠣᠨ ᠳᠤ᠂ ᠤᠯᠠᠭᠠᠨᠬᠤᠲᠠ ᠪᠦᠬᠦ ᠬᠤᠲᠠ ᠶᠢᠨ ᠡᠯ᠎ᠡ ᠪᠠᠯᠭᠠᠰᠤ ᠭᠠᠴᠠᠭ᠎ᠠ | ᠲᠣᠰᠬᠤᠨ ᠳᠤ ᠨᠢᠭᠡ ᠪᠦᠯᠦᠭ ᠠᠮᠠᠷᠠᠯᠲᠠ ᠶᠢᠨ ᠭᠠᠵᠠᠷ᠂ ᠪᠠᠴᠢᠮ ᠶᠠᠪᠤᠳᠠᠯ ᠢ ᠲᠤᠰᠠᠯᠠᠬᠤ᠂ ᠠᠶᠠᠯᠠᠯ ᠢ ᠲᠤᠰᠠᠯᠠᠬᠤ | ᠵᠡᠷᠭᠡ ᠴᠢᠳᠠᠪᠬᠢ ᠶᠢ ᠨᠢᠭᠡ ᠴᠤᠬᠴᠠᠵᠢᠭᠤᠯᠤᠬᠰᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠲᠡᠭᠡ ᠶᠢ ᠪᠠᠶᠢᠭᠤᠯᠵᠤ᠂ ᠵᠠᠮ ᠳᠠᠭᠠᠤ ᠨᠢᠭᠡ ᠪᠦᠯᠦᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠪᠠᠭ᠎ᠠ ᠬᠦᠷᠢᠶ᠎ᠡ ᠬᠠᠰᠢᠶ᠎ᠠ ᠶᠢ ᠪᠠᠶᠢᠭᠤᠯᠵᠦ᠂ ᠤᠨᠤᠯ ᠢ ᠤᠬᠠᠭᠤᠯᠤᠨ ᠲᠠᠶᠢᠯᠪᠤᠷᠢᠯᠠᠬᠤ᠂ ᠤᠷᠠᠨ | ᠰᠠᠶᠢᠬᠠᠨ ᠤ ᠲᠣᠭᠯᠠᠯᠲᠠ ᠭᠠᠷᠭᠠᠬᠤ ᠪᠠ ᠬᠠᠷᠢᠯᠴᠠᠨ ᠬᠠᠪᠰᠤᠷᠤᠯᠴᠠᠬᠤ ᠵᠡᠷᠭᠡ ᠠᠯᠢ ᠤᠯᠠᠨ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠠᠮᠵᠢᠭᠤᠯᠵᠦ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡ ᠶᠢ ᠠᠷᠠᠳ ᠤᠯᠠᠨ ᠤ ᠳᠡᠷᠭᠡᠳᠡ ᠬᠦᠷᠲᠡᠯ᠎ᠡ ᠥᠷᠭᠡᠳᠭᠡᠪᠡ᠃ | ᠥᠪᠡᠷᠮᠢᠴᠡ ᠣᠨᠴᠠᠯᠢᠭ ᠲᠠᠢ ᠤᠨᠤᠯ ᠤᠨ ᠤᠬᠠᠭᠤᠯᠤᠨ ᠲᠠᠶᠢᠯᠪᠤᠷᠢᠯᠠᠯᠲᠠ᠂ ᠪᠠᠶᠠᠯᠢᠭ ᠰᠠᠶᠢᠬᠠᠨ | ᠰᠣᠶᠣᠯ ᠤᠨ ᠠᠵᠢᠯᠯᠠᠭ᠎ᠠ ᠪᠠ ᠤᠷᠬᠢᠯᠤᠮ᠎ᠠ ᠬᠠᠯᠠᠭᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠶᠢ ᠪᠦᠬᠦ ᠲᠠᠯ᠎ᠠ ᠪᠠᠷ | ᠬᠦᠨᠵᠡᠬᠡᠶᠢᠷᠡᠬᠦᠯᠬᠦ ᠶᠢ ᠲᠠᠭᠠᠯᠳᠤᠨ ᠪᠦᠬᠦ ᠬᠤᠳᠠ ᠶᠢᠨ ᠡᠯ᠎ᠠ ᠭᠠᠵᠠᠷ ᠲᠤ ᠰᠢᠨ᠎ᠠ ᠴᠠᠭ ᠦᠶ᠎ᠠ ᠶᠢᠨ ᠪᠤᠯᠪᠠᠰᠤᠨ ᠤ | ᠦᠢᠯᠡᠳᠤᠯᠭᠡ ᠶᠢᠨ ᠠᠵᠢᠯᠯᠠᠭ᠎ᠠ ᠤᠷᠤᠬᠰᠢᠳᠠᠢ ᠰᠠᠶᠢᠬᠠᠨ ᠶᠠᠪᠤᠬᠳᠠᠵᠦ᠂ ᠡᠯᠪᠡᠭ ᠠᠭᠤᠯᠭ᠎ᠠ ᠪᠦᠬᠦᠢ ᠪᠣᠯᠪᠠᠰᠤᠨ ᠤ | ᠦᠢᠯᠡᠳᠦᠯᠭᠡ ᠶᠢᠨ ᠠᠵᠢᠯᠯᠠᠭ᠎ᠠ ᠨᠢ ᠤᠯᠠᠭᠠᠨᠬᠤᠳᠠ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃ | ︽ᠪᠢᠳᠡ ᠪᠣᠯᠪᠠᠰᠤᠨ ᠤ ᠦᠢᠯᠡᠳᠦᠯᠭᠡ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠲᠠᠢ ᠭᠦᠨᠵᠡᠭᠡᠢ ᠠᠭᠤᠰᠤᠯᠴᠠᠭᠤᠯᠬᠤ ᠶᠢ | ᠦᠷᠭᠦᠯᠵᠢᠯᠡᠨ ᠠᠬᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠨᠡᠩ ᠤᠯᠠᠨ | ᠬᠦᠮᠦᠰ ᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠶᠢ ᠰᠠᠨᠠᠭᠠᠴᠢᠯᠠᠨ᠎ᠠ︾ ᠭᠡᠵᠦ | ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠳᠡᠳ᠋ | ᠡᠷᠬᠢᠯᠡᠭᠴᠢ ᠰᠦᠩ ᠴᠦᠨ ᠵᠢᠩ ᠶᠠᠷᠢᠯ᠎ᠠ᠃ ︵ᠯᠢ ᠯᠢᠶᠠᠩ ᠯᠢᠦ ᠸᠧᠨ ᠵᠢᠩ︶ | |